ᠵᠠᠩᠭᠠᠨ ᠰᠤᠮᠤ ᠳᠤ ᠵᠣᠬᠢᠶᠠᠨ ᠪᠠᠶᠢᠭᠤᠯᠬᠤ ᠤᠬᠠᠭᠤᠯᠬᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/8
      ᠵᠠᠩᠭᠠᠨ ᠰᠤᠮᠤ ᠳᠤ ᠵᠣᠬᠢᠶᠠᠨ ᠪᠠᠶᠢᠭᠤᠯᠬᠤ ᠤᠬᠠᠭᠤᠯᠬᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ               ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠢᠭᠡᠳᠦᠮᠡᠯ ᠹᠷᠣᠨᠲ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠤᠮᠤᠨ ᠤ ᠡᠯ᠎ᠡ ᠲᠥᠷᠥᠯ ᠤᠨ ᠠᠵᠢᠯ ᠤᠨ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠶᠢᠨ ᠲᠥᠯᠥᠭᠡ᠂ ᠵᠠᠩᠭᠠᠨ ᠰᠤᠮᠤ ᠣᠶᠢᠷ᠎ᠠ ᠳᠤ ᠵᠣᠬᠢᠶᠠᠨ ᠪᠠᠶᠢᠭᠤᠯᠬᠤ᠂ ᠤᠬᠠᠭᠤᠯᠬᠤ ᠪᠠ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ᠃       ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠺᠠᠳ᠋ᠷ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠪᠣᠯᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠡᠷᠭᠡ 40 ᠭᠠᠷᠤᠢ ᠬᠥᠮᠦᠨ ᠬᠤᠷᠠᠯ ᠳᠤ ᠣᠷᠣᠯᠴᠠᠪᠠ᠃ ᠰᠤᠮᠤ ᠶᠢᠨ ᠨᠠᠮ ᠤᠨ ᠬᠤᠷᠢᠶᠠᠨ ᠤ ᠳᠡᠳ᠋ ᠱᠤᠤᠵᠢ᠂ ᠵᠠᠰᠠᠭ ᠤᠨ ᠣᠷᠳᠣᠨ ᠤ ᠰᠤᠮᠤᠨ ᠳᠠᠷᠤᠭ᠎ᠠ ᠯᠢ ᠰᠢᠶᠠᠩ ᠯᠢᠩ ᠬᠤᠷᠠᠯ ᠢ ᠡᠷᠬᠢᠯᠡᠪᠡ᠃ 
5.8.jpg
      ᠬᠤᠷᠠᠯ ᠳᠡᠭᠡᠷ᠎ᠡ ᠬᠠᠮᠢᠶ᠎ᠠ ᠪᠦᠬᠦᠢ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠵᠤ᠂ ᠣᠶᠢᠷ᠎ᠠ ᠶᠢᠨ ᠬᠤᠭᠤᠴᠠᠭᠠᠨ ᠤ ᠪᠣᠳᠠᠲᠠᠢ ᠠᠵᠢᠯ ᠢᠶᠠᠨ ᠪᠠᠶᠢᠷᠢᠯᠠᠭᠤᠯᠪᠠ᠃       ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠠᠵᠢᠯ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ᠂ ᠨᠢᠭᠡᠳᠦᠮᠡᠯ ᠹᠷᠣᠨᠲ ᠤᠨ ᠠᠵᠢᠯ ᠵᠡᠷᠭᠡ ᠲᠠᠯ᠎ᠠ ᠶᠢᠨ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠣᠯᠤᠨ ᠠᠵᠢᠯᠯᠠᠭ᠎ᠠ ᠪᠠᠨ ᠤᠬᠠᠮᠰᠠᠷ‌‍ᠠ᠋ᠴᠠ ᠪᠠᠨ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠡᠭᠡᠷ᠎ᠡ ᠨᠢᠭᠡᠳᠬᠡᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ᠂ ᠴᠢᠨᠠᠷ ᠰᠠᠶᠢᠲᠠᠢ ᠠᠵᠢᠯ ᠢᠶᠠᠷ ᠢᠶᠠᠨ ᠪᠦᠬᠦ ᠰᠤᠮᠤ ᠶᠢᠨ ᠥᠨᠳᠥᠷ ᠴᠢᠨᠠᠷ ᠴᠢᠨᠰᠠᠭ᠎ᠠ  ᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃        ᠬᠤᠷᠠᠯ ᠬᠤᠷᠠᠯᠳᠤᠭᠰᠠᠨ ᠨᠢ 2024 ᠣᠨ ᠤ ᠪᠦᠬᠦ ᠰᠤᠮᠤ ᠶᠢᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠪᠠᠶᠢᠭᠤᠯᠬᠤ ᠠᠵᠢᠯ ᠤᠨ ᠬᠠᠷᠠᠯᠲᠠ ᠡᠭᠦᠷᠭᠡ ᠶᠢ ᠨᠡᠩ ᠲᠣᠳᠣᠷᠬᠠᠢ ᠪᠣᠯᠭᠠᠵᠤ᠂ ᠪᠦᠬᠦ ᠰᠤᠮᠤ  ᠨᠤᠭᠤᠳ ᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠢ ᠠᠳᠬᠤᠬᠤ ᠡᠭᠦᠷᠭᠡ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠶᠢ ᠨᠡᠩ ᠬᠤᠷᠴᠠ ᠰᠢᠷᠦᠭᠦᠨ ᠪᠣᠯᠭᠠᠵᠤ᠂ ᠲᠣᠮᠣ ᠨᠠᠮ ᠤᠨ ᠪᠠᠶᠢᠭᠤᠯᠤᠯᠲᠠ᠂ ᠶᠡᠭᠡ ᠤᠬᠠᠭᠤᠯᠭ᠎ᠠ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠶᠠᠭ ᠪᠦᠬᠦ ᠰᠤᠮᠤ ᠳᠤ ᠠᠯᠬᠤᠮ ᠠᠯᠬᠤᠮ ᠢᠶᠠᠷ ᠪᠦᠷᠢᠯᠳᠦᠭᠦᠯᠵᠦ ᠪᠠᠶᠢᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2