ᠬᠤᠰᠢᠭᠤ ᠨᠠᠮ ᠤᠨ ᠬᠤᠷᠢᠶᠠᠨ ᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠠᠵᠢᠯᠲᠠᠨ ᠤ ᠶᠠᠪᠤᠳᠠᠯ ᠤᠨ | ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠨᠢᠭᠡᠳᠦᠭᠡᠷ ᠤᠳᠠᠭᠠᠨ ᠤ ᠪᠦᠭᠦᠳᠡ ᠬᠤᠷᠠᠯ ᠵᠢᠴᠢ ᠬᠤᠶᠠᠷ ᠢ | ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ | | 5 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ | ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠨᠢᠭᠡᠳᠦᠭᠡᠷ ᠤᠳᠠᠭᠠᠨ ᠤ ᠪᠦᠭᠦᠳᠡ ᠬᠤᠷᠠᠯ ᠵᠢᠴᠢ ᠬᠤᠶᠠᠷ ᠢ | ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠬᠤᠶᠠᠷ ᠢ ᠬᠦᠷᠢᠶᠡᠯᠡᠬᠦ ᠠᠵᠢᠯ ᠢ | ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠵᠠᠢ᠃ | | | | | ᠢᠦᠢ ᠳ᠋ᠠᠢ ᠴᠢᠩ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠢ ᠪᠠᠲᠤ ᠪᠠᠬᠢ ᠴᠣᠭᠴᠠᠯᠠᠬᠤ᠂ ᠬᠤᠶᠠᠷ ᠢ ᠬᠦᠷᠢᠶᠡᠯᠡᠬᠦ | ᠵᠢᠱᠢᠶᠡᠴᠢ ᠪᠣᠯᠬᠤ ᠠᠵᠢᠯ ᠤᠨ ᠪᠦᠬᠦ ᠬᠦᠷᠢᠶ᠎ᠡ ᠬᠡᠪᠴᠢᠶ᠎ᠡ᠂ ᠪᠦᠬᠦ ᠴᠢᠭᠯᠡᠯ᠂ ᠪᠦᠬᠦ ᠶᠠᠪᠤᠴᠠ ᠳᠤ ᠲᠤᠤᠱᠯᠠᠭᠤᠯᠵᠤ᠂ | ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ | ᠴᠢᠩᠭᠠᠷᠠᠭᠤᠯᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠲᠠᠨᠢᠵᠤ᠂ ᠠᠵᠢᠯ ᠤᠨ ᠡᠭᠦᠷᠭᠡ ᠪᠠᠨ ᠰᠠᠨᠠᠭᠠᠴᠢᠯᠠᠭ᠎ᠠ ᠠᠴᠠ | ᠪᠠᠨ ᠲᠠᠨᠢᠵᠤ᠂ ᠬᠠᠷᠭᠤᠭᠤᠯᠬᠤ ᠬᠦᠰᠦᠨᠦᠭᠲᠦ ᠶᠢ ᠨᠢᠭᠤᠷᠳᠠᠨ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠤᠶᠠᠷ ᠢ | ᠬᠦᠷᠢᠶᠡᠯᠡᠬᠦ ᠠᠵᠢᠯ ᠤᠨ ᠣᠷᠣᠰᠢᠵᠤ ᠪᠠᠶᠢᠭ᠎ᠠ ᠲᠣᠳ᠋ᠬᠠᠳᠡᠯ ᠳᠤᠲᠠᠭᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠵᠦ᠂ ᠡᠯ᠎ᠡ | ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ | ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠰᠠᠶᠢᠲᠤᠷ ᠠᠳᠬᠤᠬᠤ | ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠵᠦ᠂ ᠴᠡᠷᠢᠭ ᠡᠯᠰᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ | ᠰᠣᠶᠣᠯ ᠢ ᠠᠭᠤᠰᠤᠯᠴᠠᠭᠤᠯᠬᠤ᠂ ᠴᠡᠷᠢᠭ ᠠᠩᠭᠢ ᠪᠠ ᠣᠷᠣᠨ ᠨᠤᠲᠤᠭ ᠬᠠᠮᠲᠤᠪᠠᠷ ᠪᠠᠶᠢᠭᠤᠯᠬᠤ ᠵᠡᠷᠭᠡ ᠲᠠᠯ᠎ᠠ ᠪᠠᠷ ᠣᠯᠠᠨ | ᠤᠳᠠᠭ᠎ᠠ ᠬᠠᠮᠲᠤᠪᠠᠷ ᠮᠠᠨᠳᠤᠭᠤᠯᠤᠨ᠂ ᠤᠯᠠᠭᠠᠨ ᠮᠥ᠋ᠴᠢᠷ ᠤᠨ ᠰᠣᠶᠣᠯ ᠤᠷᠠᠯᠢᠭ ᠢ ᠴᠡᠷᠢᠭ ᠲᠤ ᠬᠦᠷᠭᠡᠬᠦ ᠠᠵᠢᠯᠯᠠᠭ᠎ᠠ ᠶᠢ | ᠶᠡᠬᠡᠪᠡᠷ ᠥᠷᠨᠢᠭᠦᠯᠵᠦ᠂ ᠴᠡᠷᠢᠭ ᠠᠷᠠᠳ ᠤᠨ ᠭᠦᠨ ᠠᠭᠤᠰᠤᠯᠴᠠᠯ ᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ᠃ | ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ | ᠪᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠰᠢᠢᠳᠪᠦᠷᠢᠯᠡᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ | ᠡᠯ᠎ᠡ ᠵᠦᠢᠯ ᠤᠨ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ ᠲᠤᠰᠬᠠᠢ ᠪᠡᠯᠡ ᠮᠥᠩᠭᠦ ᠶᠢ ᠰᠠᠶᠢᠲᠤᠷ ᠬᠠᠮᠢᠶᠠᠷᠤᠨ | ᠬᠡᠷᠡᠭᠯᠡᠵᠦ᠂ ᠲᠥᠷᠥᠯ ᠵᠦᠢᠯ ᠤᠨ ᠪᠡᠯᠡ ᠮᠥᠩᠭᠦ ᠶᠢᠨ ᠬᠠᠮᠤᠭ ᠤᠨ ᠶᠡᠭᠡ ᠦᠷ᠎ᠡ ᠠᠰᠢᠭ ᠢ ᠰᠠᠶᠢᠲᠤᠷ ᠪᠠᠳᠠᠷᠠᠭᠤᠯᠬᠤ | ᠬᠡᠷᠡᠭᠲᠡᠢ᠃ | | | | | ᠬᠤᠪᠢᠳᠠᠨ ᠬᠠᠮᠢᠶᠠᠷᠴᠢ ᠪᠠᠶᠢᠭ᠎ᠠ ᠬᠤᠰᠢᠭᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠤᠷᠤᠯᠴᠠᠵᠠᠢ ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |