ᠡᠮ ᠡᠮᠨᠡᠯᠭᠡ ᠶᠢᠨ ᠳᠠᠭᠠᠳᠬᠠᠯ ᠤᠨ ᠲᠤᠬᠠᠢ ᠡᠳᠡᠭᠡᠷ ᠲᠥᠷᠥ ᠶᠢᠨ ᠪᠣᠳᠣᠯᠭ᠎ᠠ ᠶᠢ ︽ ᠭᠤᠶᠤᠴᠢᠯᠠᠬᠤ ᠥᠬᠡᠶ | ᠪᠠᠷ ᠬᠦᠷᠳᠡᠬᠦ ︾ ᠪᠤᠯᠭᠠᠪᠠ | | ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠲᠦᠷᠦᠭᠦᠬᠡᠨ ᠡᠮ ᠡᠮᠨᠡᠯᠭᠡ ᠶᠢᠨ | ᠪᠠᠲᠤᠯᠠᠭ᠎ᠠ ᠵᠢᠨᠦᠢᠯᠡᠴᠢᠯᠡᠭᠡᠨ ᠤ ᠬᠦᠷᠢᠶᠡᠨ ᠳᠤ ︽ᠨᠢᠭᠡ ᠤᠴᠢᠷ ᠢ ᠥᠨᠳᠥᠷ ᠪᠦᠲᠦᠮᠵᠢᠲᠡᠶ ᠪᠠᠷ | ᠬᠦᠢᠴᠡᠳᠬᠡᠬᠦ︾ ᠭᠤᠤᠯᠳᠠᠯᠭ᠎ᠠ ᠲᠠᠢᠵᠦ᠋ᠢᠯᠡᠰ ᠤᠨ ᠲᠣᠳᠣᠷᠬᠠᠶ ᠬᠠᠭᠤᠳᠠᠰᠤ ᠶᠢ ᠨᠡᠶᠢᠲᠡᠯᠡᠵᠦ᠂ ᠰᠦᠯᠵᠢᠶᠡᠨ | ᠳᠡᠭᠡᠷᠡᠬᠢ ᠦᠢᠯᠡᠴᠢᠯᠡᠭᠡ ᠶᠢ ︽ᠨᠢᠭᠡ ᠰᠦᠯᠵᠢᠶ᠎ᠡ ᠪᠠᠷᠨᠡᠶᠢᠳᠡᠮ ᠬᠦᠢᠴᠡᠳᠬᠡᠬᠦ︾ ᠶᠢ ᠠᠬᠢᠭᠤᠯᠵᠤ᠂ ᠨᠠᠩ ᠣᠯᠠᠨ | ᠵᠦᠢᠯᠡᠰ ᠢ ︽ᠭᠤᠶᠤᠴᠢᠯᠠᠬᠤ ᠥᠬᠡᠶ ᠪᠠᠷ ᠳᠠᠷᠤᠶ ᠬᠦᠷᠳᠡᠬᠦ︾ ᠵᠢᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠣᠳᠣᠬᠠᠨ ᠳᠤ᠂ ᠣᠯᠠᠨ ᠭᠠᠵᠠᠷ ᠤᠨ ᠬᠢᠨ ᠦᠷᠡᠵᠢᠯ ᠤᠨ ᠨᠡᠮᠡᠭᠦᠷᠢ ᠶᠢ ᠪᠡᠶᠡᠯᠡᠭᠦᠯᠬᠦ᠂ ᠬᠦᠴᠢᠷᠳᠡᠯᠲᠡᠶ ᠣᠯᠠᠨ | ᠲᠦᠮᠡᠨ ᠢ ᠬᠠᠪᠰᠤᠷᠤᠨ ᠳᠠᠭᠠᠳᠬᠠᠯ ᠳᠤ ᠣᠷᠣᠭᠤᠯᠬᠤ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠵᠡᠷᠭᠡ | ᠬᠦᠷᠢᠶ᠎ᠡ ᠶᠢ ᠨᠢᠭᠡᠨᠲᠡ ᠠᠬᠢᠭᠤᠯᠵᠤ᠂ ᠥᠩᠭᠡᠷᠡᠭᠰᠡᠨ ᠤ ︽ᠬᠥᠮᠦᠨ ᠨᠢ ᠡᠮ ᠡᠮᠨᠡᠯᠭᠡ ᠶᠢᠨ ᠳᠠᠭᠠᠳᠬᠠᠯ ᠠᠴᠠ | ᠬᠠᠷᠠᠭᠠᠯᠵᠠᠯ ᠭᠥᠷᠳᠡᠵᠦ ᠪᠠᠶᠢᠭᠰᠠᠨ︾ ᠠᠴᠠ ︽ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢᠶᠠᠷ ᠨᠢ | ᠬᠥᠮᠦᠨ ᠡᠷᠢᠭ᠊ ᠤ᠋︾ ᠪᠣᠯᠭᠠᠨ ᠬᠤᠪᠢᠷᠠᠭᠤᠯᠤᠬᠰᠠᠨ ᠪᠠᠶᠢᠨ᠎ᠠ᠃ | ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢ ︽ᠭᠤᠶᠤᠴᠢᠯᠠᠬᠤ ᠦᠭᠡᠢ ᠪᠠᠷ ᠳᠠᠷᠤᠶ ᠭᠥᠷᠳᠡᠬᠦ︾ | ᠪᠤᠯᠭᠠᠵᠤ ᠳᠠᠭᠠᠳᠬᠠᠯ ᠳᠤ ᠣᠷᠣᠭᠰᠠᠳ ᠤᠨ ᠪᠠᠲᠤᠯᠠᠭ᠎ᠠ ᠶᠢᠨ ᠬᠠᠷᠠᠭᠠᠯᠵᠠᠯ ᠢ ᠳᠡᠭᠡᠭᠰᠢᠯᠡᠭᠦᠯᠪᠡ | ᠦᠷᠡᠵᠢᠯ ᠤᠨ ᠳᠠᠭᠠᠳᠬᠠᠯ ᠪᠣᠯ ᠨᠡᠶᠢᠭᠡᠮ ᠤᠨ ᠳᠠᠭᠠᠳᠬᠠᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ | ᠾᠧᠨᠠᠨᠵᠡᠷᠭᠡ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠬᠢᠨ ᠦᠷᠡᠵᠢᠯ ᠤᠨ | ᠳᠠᠭᠠᠳᠬᠠᠯ ᠤᠨ ᠭᠠᠷᠲᠠᠨᠬᠦ᠋ᠢᠴᠡᠳᠬᠡᠬᠦ ᠦᠢᠯᠡᠴᠢᠯᠡᠭᠡ ᠶᠢ ᠤᠯᠠᠮ ᠰᠢᠯᠢᠳᠡᠭᠵᠢᠭᠦᠯᠵᠦ᠂ ︽ᠨᠢᠭᠡ ᠯᠡ ᠡᠭᠦᠳᠡ ᠪᠠᠷ | ᠣᠷᠣᠵᠤ᠂ ᠬᠠᠮᠤᠭ ᠤᠨ ᠣᠯᠠᠨ ᠳ᠋ᠠᠭᠠᠨᠨᠢᠭᠡ ᠯᠡ ᠤᠳᠠᠭ᠎ᠠ ᠬᠦᠶᠦᠳᠡᠭ︾ ᠪᠠᠶᠢᠬᠰᠠᠨ ᠠᠴᠠ ︽ᠠᠭᠤᠯᠵᠠᠬᠤ | ᠥᠬᠡᠶ ᠪᠠᠷ ᠰᠦᠯᠵᠢᠶᠡᠨ ᠳᠡᠭᠡᠷ᠎ᠡ ᠬᠦᠢᠴᠡᠳᠬᠡᠬᠦ︾ ᠪᠤᠯᠭᠠᠬᠰᠠᠨ ᠬᠦᠷᠲᠡᠯ᠎ᠡ᠂ ᠤᠨᠳᠤᠤ ᠭᠠᠵᠠᠷ ᠲᠤ | ᠦᠷᠡᠵᠢᠯ ᠤᠨ ᠳᠠᠭᠠᠳᠬᠠᠯ ᠢ ︽ᠮᠤᠵᠢ ᠠᠯᠤᠰᠯᠠᠨ ᠨᠡᠶᠢᠳᠡᠮ ᠬᠦᠢᠴᠡᠳᠬᠡᠬᠦ︾ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠦᠷᠡᠵᠢᠯ ᠤᠨ ᠨᠡᠮᠡᠭᠦᠷᠢ ᠶᠢ ︽ᠭᠤᠶᠤᠴᠢᠯᠠᠬᠤ ᠥᠬᠡᠶ ᠪᠠᠷ ᠳᠠᠷᠤᠶ ᠭᠥᠷᠳᠡᠬᠦ︾ | ᠪᠤᠯᠭᠠᠬᠤ ᠶᠢ ᠠᠬᠢᠭᠤᠯᠵᠠᠢ᠃ ︽ᠭᠤᠶᠤᠴᠢᠯᠠᠬᠤ ᠦᠭᠡᠢ ᠪᠠᠷ ᠳᠠᠷᠤᠶ ᠭᠥᠷᠳᠡᠬᠦ︾ ᠪᠤᠯᠭᠠᠵᠤ ᠦᠨᠳᠦᠰᠦᠨ ᠡᠮ | ᠡᠮᠨᠡᠯᠭᠡ ᠶᠢᠨ ᠪᠠᠲᠤᠯᠠᠭ᠎ᠠ ᠶᠢ ᠤᠯᠠᠮᠵᠢᠨᠷ ᠪᠠᠲᠤᠳᠬᠠᠪᠠ | ᠮᠠᠨ ᠤ ᠤᠯᠤᠰ ᠣᠨᠴᠠ ᠬᠦᠴᠢᠷᠳᠡᠯᠲᠡᠶ ᠡᠲᠡᠭᠡᠳ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ | ᠵᠡᠷᠭᠡ ᠬᠦᠴᠢᠷᠳᠡᠯᠲᠡᠶ ᠬᠥᠮᠦᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠳᠤ ᠣᠷᠣᠵᠤ ᠰᠦᠢᠳᠬᠡᠯ ᠲᠤᠰᠢᠶᠠᠬᠤ ᠳᠤ ᠪᠥᠬᠦ ᠲᠤᠭ᠎ᠠ ᠪᠠᠷ ᠪᠤᠶᠤ ᠬᠠᠭᠠᠰ ᠲᠤᠭ᠎ᠠ ᠪᠠᠷ ᠵᠣᠭᠤᠰ | ᠲᠤᠰᠠᠯᠠᠬᠤ ᠶᠢ ᠬᠡᠷᠡᠭᠵᠢᠭᠦᠯᠪᠡ᠃ ᠡᠯ᠎ᠡᠭᠠᠵᠠᠷ ᠤᠨ ᠬᠢᠨ ᠲᠤᠬᠠᠶ ᠶᠢᠨ ᠭᠠᠵᠠᠷ ᠤᠨ ᠪᠠᠶᠢᠳᠠᠯ ᠳᠠᠭᠠᠨ | ᠲᠣᠬᠢᠷᠠᠭᠤᠯᠤᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ᠂ᠴᠤᠪᠤᠷᠠᠯ ᠢ ᠬᠠᠷᠢᠯᠴᠠᠨ ᠦᠢᠯᠡᠳᠦᠯᠴᠡᠬᠦ ᠳᠡᠭᠡᠷ᠎ᠡ | ᠬᠦᠴᠦ ᠲᠠᠯᠪᠢᠵᠤ᠂ ᠬᠥᠳᠡᠯᠦᠩᠭᠦᠶ ᠬᠢᠨᠠᠨ ᠬᠡᠮᠵᠢᠬᠦ᠂ ᠤᠷᠢᠳᠴᠢᠯᠠᠨ ᠣᠷᠣᠯᠴᠠᠬᠤ ᠪᠠᠷ ᠳᠠᠮᠵᠢᠭᠤᠯᠤᠨ᠂ ᠡᠮ | ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠰᠢᠰᠲ᠋ᠧᠮ ᠢ ᠴᠢᠨᠠᠬᠰᠢᠳᠠ ᠪᠠᠬᠢᠵᠢᠭᠦᠯᠵᠠ᠊ ᠢ᠃ | ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠵᠦ ᠡᠪᠡᠳᠴᠢᠲᠡᠨ ᠤ | ᠳᠠᠷᠤᠭᠠᠰᠤ ᠶᠢ ᠬᠥᠩᠭᠡᠷᠡᠭᠦᠯᠪᠡ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠴᠢᠨᠠᠭᠰᠢᠳᠠ ᠪᠠᠳᠤᠳᠬᠠᠵᠤ᠂ | ᠬᠦᠴᠢᠷᠳᠡᠯᠲᠡᠢ ᠤᠯᠠᠨ ᠲᠦᠮᠡᠨ ᠪᠣᠯᠤᠨ ᠬᠦᠨᠳᠦ ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ | ᠬᠥᠩᠭᠡᠷᠡᠭᠦᠯᠬᠦ ᠶᠢᠨ ᠲᠥᠯᠥᠭᠡ᠂ ᠵᠢᠶᠠᠩᠰᠢ ᠶᠢᠨ ᠱᠠᠩ ᠷᠤᠤ ᠵᠡᠷᠭᠡ ᠭᠠᠵᠠᠷ ᠤᠨ ᠬᠢᠨ ᠨᠥᠬᠦᠴᠡᠯ ᠳᠤ | ᠨᠡᠶᠢᠴᠡᠬᠦ ᠳᠠᠭᠠᠳᠬᠠᠯ ᠳᠤ ᠣᠷᠣᠭᠰᠠᠳ ᠲᠤ ᠪᠠᠰᠠ ︽ᠭᠤᠶᠤᠴᠢᠯᠠᠬᠤ ᠦᠭᠡᠢ ᠪᠠᠷ ᠲᠠᠷᠤᠢ ᠬᠦᠷᠳᠡᠬᠦ︾ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠬᠢᠵᠦ᠂ ᠬᠦᠴᠢᠷᠳᠡᠯᠲᠡᠢ ᠤᠯᠠᠨᠲ᠋ᠦ᠋ᠮᠡᠨ ᠤ ᠦᠨᠳᠦᠰᠦᠨ ᠡᠮᠴᠢᠯᠡᠭᠡ | ᠪᠠᠲᠤᠯᠠᠭ᠎ᠠ ᠲᠠᠢ ᠪᠠᠶᠢᠬᠤ ᠶᠢ ᠦᠨᠡᠨ ᠬᠦ ᠪᠠᠲᠤᠯᠠᠪᠠ᠃ | ᠤᠯᠤᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠬᠤ ᠡᠳ᠋ ᠤᠨ ᠵᠠᠰᠠᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠢ ᠦᠨᠳᠦᠰᠦᠯᠡᠪᠡᠯ᠂ ᠡᠨᠡᠵᠢᠯ ᠠᠴᠠ ᠨᠠᠭᠠᠰᠢ᠂ ᠱᠠᠩ ᠷᠤᠤ ᠬᠤᠲᠠ ᠳᠤ ᠡᠮ ᠡᠮᠨᠡᠯᠭᠡ ᠶᠢᠨ | ᠠᠪᠤᠷᠠᠨ ᠲᠤᠰᠠᠯᠠᠬᠤ ᠡᠲᠡᠭᠡᠳ ᠤᠨ ᠲᠤᠳᠤᠷᠠᠬᠢ 30.3ᠲᠦᠮᠡᠨ ᠬᠥᠮᠦᠨ ᠨᠢᠬᠡᠨᠳᠡ ᠳᠠᠭᠠᠳᠬᠠᠯ ᠳᠤ ᠣᠷᠣᠬᠤ | ᠭᠤᠶᠤᠴᠢᠯᠠᠯ ᠢ ᠭᠤᠶᠤᠴᠢᠯᠠᠬᠤ ᠦᠭᠡᠢ ᠪᠠᠷ ᠳᠠᠷᠤᠶ ᠭᠥᠷᠳᠡᠬᠦ ᠪᠤᠯᠤᠬᠰᠠᠨ ᠪᠦᠭᠡᠳ ᠲᠤᠰᠠᠯᠠᠭᠰᠠᠨ ᠵᠣᠭᠤᠰ ᠤᠨ | ᠲᠤᠭ᠎ᠠ ᠨᠢ 9922 . 34 ᠲᠦᠮᠡᠨ ᠲᠥᠭᠦᠷᠢᠭ ᠲᠤ ᠬᠦᠷᠴᠡᠶ᠃ | ᠢᠷᠡᠯᠲᠡ᠄ ᠠᠷᠠᠤᠨ ᠤᠨ ᠰᠦᠯᠵᠢᠶ᠎ᠡ | ᠳᠡᠪᠰᠢᠭᠦᠯᠦᠭᠴᠢ᠄ ᠲᠡᠷᠭᠡᠯ |