ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ᠄ | ᠬᠤᠲᠠ ᠶᠢᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠬᠤᠷᠠᠯᠳᠤᠪᠠ | | 3 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ | ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ | ᠹᠧᠢ ᠶᠦᠨ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ | ᠳᠠᠷᠤᠭ᠎ᠠ ᠶᠦᠨ ᠫᠧᠩ ᠭᠠᠩ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠢ | ᠮᠡᠳᠡᠭᠳᠡᠪᠡ᠃ | ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠤᠯᠤᠰ ᠲᠥᠷᠥ ᠶᠢ ᠡᠷᠬᠢᠮᠯᠡᠬᠦ ᠳᠡᠭᠡᠳᠦ | ᠬᠡᠮᠵᠢᠶᠡᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠤᠶᠢᠯᠠᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠮᠠᠨ ᠤ ᠬᠤᠲᠠ ᠶᠢᠨ ᠮᠥᠩᠭᠦᠨ ᠭᠦᠢᠯᠭᠡᠭᠡᠨ ᠤ | ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠭᠦᠨᠵᠡᠭᠡᠢ ᠲᠠᠨᠢᠵᠤ᠂ ᠰᠢᠨ᠎ᠡ ᠴᠠᠭ | ᠦᠶ᠎ᠡ ᠶᠢᠨ ᠮᠥᠩᠭᠦᠨ ᠭᠦᠢᠯᠭᠡᠭᠡᠨ ᠤ ᠠᠵᠢᠯ ᠢ ᠰᠠᠶᠢᠳᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ | ᠴᠢᠩᠭᠠᠳᠬᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ᠬᠤᠶᠠᠷ ᠲᠣᠮᠣ ᠶᠠᠪᠤᠳᠠᠯ︾ ᠤᠨ ᠡᠭᠦᠷᠭᠡᠲᠦ | ᠰᠡᠳᠬᠢᠯᠭᠡ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ | ᠲᠤᠯᠭᠠᠮ᠎ᠠ ᠰᠡᠳᠬᠢᠯᠭᠡ ᠶᠢ ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ | ᠵᠦᠢ ᠶᠣᠰᠣᠨ ᠤ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ | ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ ᠲᠠᠪᠤᠨ ᠲᠠᠯ᠎ᠠ ᠶᠢᠨ | ᠠᠵᠢᠯ ᠢ ᠪᠥᠬᠦ ᠲᠠᠯ᠎ᠠ ᠪᠠᠷ ᠰᠠᠶᠢᠳᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ | ᠮᠥᠨ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠦᠢᠯᠡᠰ ᠤᠨ | ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠬᠤ ᠳᠤᠮᠳᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ | ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠦᠢᠯᠡᠴᠢᠯᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠦᠨ ᠦᠷ᠎ᠡ ᠪᠦᠲᠦᠮᠵᠢ | ᠭᠠᠷᠭᠠᠬᠤ ᠳᠤ ᠬᠦᠴᠦ ᠨᠡᠮᠡᠷᠢᠯᠡᠬᠦ ᠬᠡᠷᠡᠭᠲᠡᠢ᠃ ᠦᠢᠯᠡᠴᠢᠯᠡᠭᠡᠨ ᠤ ᠭᠤᠣᠯᠳᠠᠯᠭ᠎ᠠ ᠲᠠᠢ ᠠᠵᠢᠯ ᠢ | ᠨᠠᠶᠢᠳᠠᠪᠤᠷᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ︽ᠵᠢᠷᠭᠤᠭᠠᠨ ᠢᠨᠵᠧᠨᠧᠷᠢᠩ︾ ᠢ ᠤᠷᠤᠭᠰᠢᠲᠠᠢ | ᠬᠡᠷᠡᠭᠵᠢᠭᠦᠯᠬᠦ ᠳᠤ ᠬᠦᠴᠦ ᠨᠡᠮᠡᠷᠢᠯᠡᠬᠦ ᠬᠡᠷᠡᠭᠲᠡᠢ᠃ ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠶᠢ | ᠠᠬᠢᠭᠤᠯᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠳᠤ ᠦᠢᠯᠡᠴᠢᠯᠡᠬᠦ ᠬᠠᠮᠵᠢᠯᠴᠠᠭᠠᠨ ᠤ ᠴᠢᠳᠠᠪᠤᠷᠢ ᠶᠢ | ᠳᠡᠭᠡᠭᠰᠢᠯᠡᠭᠦᠯᠵᠦ᠂ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠳᠤ | ᠬᠦᠴᠦ ᠨᠡᠮᠡᠷᠢᠯᠡᠬᠦ ᠬᠡᠷᠡᠭᠲᠡᠢ᠃ ᠦᠢᠯᠡᠴᠢᠯᠡᠭᠡ ᠪᠠᠨ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ | ᠴᠢᠳᠠᠪᠤᠷᠢ ᠶᠢ ᠳᠡᠭᠡᠭᠰᠢᠯᠡᠭᠦᠯᠵᠦ᠂ ᠬᠠᠮᠲᠤᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠬᠦᠴᠦ ᠨᠡᠮᠡᠷᠢᠯᠡᠬᠦ ᠬᠡᠷᠡᠭᠲᠡᠢ᠃ | ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠵᠤ᠂ ᠮᠥᠩᠭᠦᠨ | ᠭᠦᠢᠯᠭᠡᠭᠡᠨ ᠤ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠬᠠᠤᠯᠢ ᠪᠤᠰᠤ ᠮᠥᠩᠭᠦᠨ | ᠭᠦᠢᠯᠭᠡᠭᠡᠨ ᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠴᠣᠬᠢᠯᠲᠠ ᠥᠭᠴᠦ᠂ ᠵᠠᠰᠠᠭ ᠤᠨ | ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠬᠠᠮᠵᠢᠯᠴᠠᠨ ᠰᠢᠢᠳᠪᠦᠷᠢᠯᠡᠵᠦ᠂ ᠮᠥᠩᠭᠦᠨ | ᠭᠦᠢᠯᠭᠡᠭᠡᠨ ᠤ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶ᠋ᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ | ᠠᠳᠬᠤᠬᠤ ᠬᠡᠷᠡᠭᠲᠡᠢ᠃ ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ | ᠪᠠᠲᠤ ᠪᠠᠬᠢ ᠪᠤᠢ ᠪᠣᠯᠭᠠᠬᠤ ᠶᠢ ᠮᠥᠩᠭᠦᠨ ᠭᠦᠢᠯᠭᠡᠭᠡᠨ ᠤ ᠠᠵᠢᠯ ᠳᠤ ᠢᠮᠠᠭᠲᠠ ᠲᠤᠭᠤᠰᠢᠯᠠᠭᠤᠯᠵᠤ᠂ ᠮᠥᠩᠭᠦᠨ | ᠭᠦᠢᠯᠭᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠠᠶᠢᠨ | ᠰᠠᠶᠢᠬᠠᠨ ᠮᠥᠩᠭᠦᠨ ᠭᠦᠢᠯᠭᠡᠭᠡᠨ ᠤ ᠠᠮᠢ ᠠᠬᠤᠢ ᠶᠢ ᠶᠡᠬᠡᠪᠡᠷ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ | ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ | ᠢᠷᠡᠯᠲᠡ᠄ ᠤᠯᠠᠭᠠᠨᠴᠠᠪ ᠬᠤᠲᠠ ᠶᠢᠨ ᠠᠷᠠᠤᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | ᠳᠡᠪᠰᠢᠭᠦᠯᠦᠭᠴᠢ᠄ ᠲᠡᠷᠭᠡᠯ | |