2024 ᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠭᠰᠡᠨ
ᠨᠡᠶᠢᠲᠡᠯᠡᠭᠰᠡᠨ ᠴᠠᠭ᠄
2024/6/12
      2024 ᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠭᠰᠡᠨ               ᠣᠶᠢᠷ᠎ᠠ ᠳᠤ᠂ ᠤᠯᠤᠰ ᠲᠥᠷᠥ ᠶᠢᠨ ᠵᠥᠪᠯᠡᠯᠭᠡᠨ ᠤ ᠳᠥᠷᠪᠡᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 2024 ᠣᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠭᠰᠡᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠪᠣᠯᠪᠠᠰᠤᠷᠠᠯ ᠨᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠢ ᠪᠣᠯᠭᠠᠬᠤ ᠪᠠᠷ ᠠᠵᠢᠯ ᠤᠨ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠬᠤᠰᠢᠭᠤ ᠨᠠᠮ ᠤᠨ ᠬᠤᠷᠢᠶᠠᠨ ᠤ ᠲᠣᠭᠲᠠᠭᠠᠭᠰᠠᠨ《ᠳᠥᠷᠪᠡᠨ ᠶᠡᠭᠡ ᠭᠤᠣᠯᠯᠠᠭᠴᠢ ᠠᠵᠤ ᠦᠢᠯᠡᠰ》 ᠢ ᠬᠥᠭᠵᠢᠭᠦᠯᠬᠦ ᠶᠣᠰᠣᠭᠠᠷ᠂《ᠲᠠᠪᠤᠨ ᠊᠊᠊ ᠵᠠᠭᠤᠨ ᠳ᠋ᠦᠩᠰᠢᠭᠤᠷ ᠤᠨ ᠳᠡᠰ ᠤᠨ ᠠᠵᠤ ᠦᠢᠯᠡᠰ ᠤᠨ ᠪᠦᠯᠦᠭᠯᠡᠯ》 ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠮᠡᠳᠡᠯᠭᠡ ᠪᠠ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠱᠠᠭᠠᠷᠳᠠᠯᠭ᠎ᠠ ᠶᠢ ᠰᠢᠰᠲ᠋ᠧᠮ ᠲᠠᠢ ᠭᠦᠨᠵᠡᠭᠡᠢ ᠡᠵᠡᠮᠰᠢᠵᠦ᠂ ᠰᠤᠷᠤᠯᠭ᠎ᠠ ᠶᠢᠨ ᠦᠷ᠎ᠡ ᠪᠦᠲᠦᠭᠡᠯ ᠢ ᠠᠵᠢᠯ ᠤᠨ ᠬᠥᠳᠡᠯᠭᠡᠬᠦ ᠬᠦᠴᠦᠨ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠮᠡᠳᠡᠭᠡ ᠵᠠᠩᠭᠢ ᠶᠢ ᠨᠢᠭᠡᠳᠦᠭᠦᠯᠬᠦ ᠶᠢ ᠦᠨᠡᠨᠬᠦ ᠪᠡᠶᠡᠯᠡᠭᠦᠯᠬᠦ᠂ ᠲᠤᠰ ᠪᠡᠶ᠎ᠡ ᠶᠢᠨ ᠤᠯᠤᠰ ᠲᠥᠷᠥ ᠶᠢ ᠡᠵᠡᠮᠳᠡᠬᠦ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠣᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠦᠨᠡᠨ ᠪᠣᠳᠠᠲᠠᠢ ᠠᠵᠢᠯ ᠤᠨ ᠬᠢᠷᠢ ᠪᠦᠲᠦᠮᠵᠢ᠂ ᠰᠤᠷᠤᠯᠴᠠᠨ ᠪᠣᠯᠪᠠᠰᠤᠷᠠᠭᠤᠯᠤᠭᠰᠠᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠪᠠ ᠢᠯᠡᠷᠡᠭᠦᠯᠬᠦ ᠬᠡᠷᠡᠭᠲᠡᠢ  ᠭᠡᠰᠡᠨ ᠪᠠᠶᠢᠨ᠎ᠠ᠃        ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠬᠤᠷᠠᠯ ᠤᠨ ᠪᠦᠷᠢᠯᠳᠦᠬᠦᠨ᠂ ᠬᠤᠲᠠ ᠶᠢᠨ ᠬᠤᠰᠢᠭᠤᠨ ᠳᠤ ᠰᠠᠭᠤᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠦᠬᠦ ᠭᠡᠰᠢᠭᠦᠳ ᠪᠣᠯᠪᠠᠰᠤᠷᠠᠯ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠲᠠᠨ᠎ᠠ    ᠬᠦᠰᠡᠯᠡᠩ  ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2