ᠬᠤᠵᠢᠷᠲᠤ ᠰᠢᠶᠠᠩ 2024 ᠣᠨ ᠤ ᠰᠢᠯᠢᠳᠡᠭ ᠡᠷᠦᠬᠡ ᠶᠢᠨ ᠴᠡᠷᠢᠭ ᠤᠨ ᠴᠤᠭᠯᠠᠷᠠᠬᠤ ᠭᠠᠵᠠᠷ ᠤᠨ ᠲᠤᠷᠰᠢᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/12
      ᠬᠤᠵᠢᠷᠲᠤ ᠰᠢᠶᠠᠩ 2024 ᠣᠨ ᠤ ᠰᠢᠯᠢᠳᠡᠭ ᠡᠷᠦᠬᠡ ᠶᠢᠨ ᠴᠡᠷᠢᠭ ᠤᠨ ᠴᠤᠭᠯᠠᠷᠠᠬᠤ ᠭᠠᠵᠠᠷ ᠤᠨ ᠲᠤᠷᠰᠢᠯᠲᠠ ᠶᠢᠨ ᠬᠤᠷᠠᠯ ᠬᠤᠷᠠᠯᠳᠤᠭᠤᠯᠪᠠ           ᠬᠤᠵᠢᠷᠲᠤ ᠰᠢᠶᠠᠩ 2014 ᠣᠨ ᠤ ᠰᠢᠯᠢᠳᠡᠭ ᠡᠷᠦᠬᠡ ᠶᠢᠨ ᠴᠡᠷᠢᠭ ᠤᠨ ᠴᠤᠭᠯᠠᠷᠠᠬᠤ ᠭᠠᠵᠠᠷ ᠤᠨ ᠰᠢᠯᠭᠠᠨ ᠪᠠᠶᠢᠴᠠᠭᠠᠬᠤ ᠶᠡᠭᠡ ᠬᠤᠷᠠᠯ ᠬᠢᠪᠡ 5 ᠰᠠᠷ᠎ᠠ ᠶᠢᠨ 28 ᠤ ᠡᠳᠦᠷ᠂ ᠬᠤᠵᠢᠷᠲᠤ ᠰᠢᠶᠠᠩ 2024 ᠣᠨ ᠤ ᠰᠢᠯᠢᠳᠡᠭ ᠡᠷᠦᠬᠡ ᠶᠢᠨ ᠴᠡᠷᠢᠭ ᠤᠨ ᠴᠤᠭᠯᠠᠷᠠᠬᠤ ᠭᠠᠵᠠᠷ ᠤᠨ ᠰᠢᠯᠭᠠᠨ ᠪᠠᠶᠢᠴᠠᠭᠠᠬᠤ ᠶᠡᠭᠡ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠬᠡᠯᠲᠡᠰ ᠤᠨ ᠳᠠᠷᠤᠭ᠎ᠠ ᠮᠧᠩ ᠰᠢᠶᠠᠩ ᠢᠦᠢ ᠨᠥᠬᠦᠷ ᠬᠤᠷᠠᠯ ᠳᠤ ᠢᠷᠡᠵᠦ ᠵᠢᠭᠠᠨ ᠵᠢᠯᠣᠭᠤᠳᠴᠤ᠂ ᠬᠤᠵᠢᠷᠲᠤ ᠰᠢᠶᠠᠩ ᠤᠨ ᠨᠠᠮ ᠤᠨ ᠬᠤᠷᠢᠶᠠᠨ ᠤ ᠱᠦᠵᠢ᠂ ᠡᠷᠦᠬᠡ ᠶᠢᠨ ᠴᠡᠷᠢᠭ ᠤᠨ ᠤᠯᠤᠰ ᠲᠥᠷᠥ ᠶᠢᠨ ᠵᠢᠭᠠᠨ ᠵᠢᠯᠣᠭᠤᠳᠤᠭᠴᠢ ᠵᠠᠩ ᠧᠧᠨ ᠵᠢᠶᠧ᠂ ᠰᠢᠶᠠᠩ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠡᠦ ᠴᠢᠶᠠᠩ ᠵᠢᠴᠢ ᠪᠠᠴᠢᠮ ᠪᠠᠶᠢᠳᠠᠯ ᠢ ᠠᠷᠭᠠᠴᠠᠬᠤ ᠰᠠᠯᠠᠭᠠᠨ ᠤ ᠪᠦᠬᠦ ᠰᠢᠯᠢᠳᠡᠭ ᠡᠷᠦᠬᠡ ᠶᠢᠨ ᠴᠡᠷᠢᠭ ᠴᠤᠭᠯᠠᠷᠠᠵᠤ ᠰᠢᠯᠭᠠᠬᠤ ᠶᠡᠭᠡ ᠬᠤᠷᠠᠯ ᠳᠤ ᠣᠷᠣᠯᠴᠠᠵᠠᠢ᠃
6.12+1.jpg
      ᠰᠢᠯᠭᠠᠬᠤ ᠶᠡᠭᠡ ᠬᠤᠷᠠᠯ ᠰᠦᠷ ᠵᠢᠪᠬᠤᠯᠠᠩᠲᠤ 《 ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠴᠡᠷᠢᠭ ᠤᠨ ᠳᠠᠭᠤᠤ 》 ᠶᠢᠨ ᠳᠤᠮᠳᠠ ᠬᠥᠰᠢᠭ ᠢᠶᠠᠨ ᠨᠡᠭᠡᠭᠡᠯ᠎ᠡ᠃ᠰᠢᠯᠢᠳᠡᠭ ᠡᠷᠦᠬᠡ ᠶᠢᠨ ᠴᠡᠷᠢᠭ ᠤᠨ ᠪᠦᠬᠦ ᠪᠠᠶᠢᠯᠳᠤᠭᠴᠢᠳ ᠨᠢ ᠨᠢᠭᠡᠳᠦᠯᠲᠡᠢ ᠬᠤᠪᠴᠠᠯᠠᠵᠤ᠂ ᠳᠠᠷᠢ ᠲᠡᠭᠰᠢ ᠮᠥᠷᠯᠡᠨ ᠵᠢᠭᠰᠡᠭ᠌ᠰᠠᠨ ᠴᠦᠷᠰᠦ ᠣᠮᠤᠭ ᠲᠡᠭᠦᠯᠳᠡᠷ ᠴᠤᠭ ᠵᠢᠪᠬᠤᠯᠠᠩ ᠢᠶᠠᠷ ᠢᠶᠠᠨ ᠪᠠᠭ᠎ᠠ ᠰᠠᠭ᠎ᠠ ᠰᠢᠯᠭᠠᠯᠲᠠ ᠶᠢ ᠬᠦᠯᠢᠶᠡᠨ ᠠᠪᠳᠠᠭ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠬᠡᠯᠲᠡᠰ ᠤᠨ ᠳᠠᠷᠤᠭ᠎ᠠ ᠮᠧᠩ ᠰᠢᠶᠠᠩ ᠢᠦ᠋ᠢ ᠨᠥᠬᠦᠷ ᠲᠤᠬᠠᠢ ᠶᠢᠨ ᠲᠠᠯᠠᠪᠠᠢ ᠳᠤ ᠵᠢᠯᠣᠭᠤᠳᠴᠤ ᠶᠠᠷᠢᠶ᠎ᠠ ᠲᠠᠯᠪᠢᠬᠤ ᠳᠠᠭᠠᠨ ᠮᠧᠩ ᠰᠢᠶᠠᠩ ᠢᠦᠢ᠄ 《 ᠤᠯᠤᠰ ᠳᠠᠶᠠᠭᠠᠷ ᠰᠡᠷᠭᠡᠶᠢᠯᠡᠵᠦ᠂ ᠴᠡᠷᠢᠭ ᠪᠠᠶᠢᠭᠤᠯᠬᠤ ᠦᠭᠡᠢ ᠪᠣᠯ ᠠᠷᠠᠳ ᠠᠮᠤᠷ ᠲᠦᠪᠰᠢᠨ ᠪᠤᠰᠤ 》᠂ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠪᠣᠯ ᠤᠯᠤᠰ ᠣᠷᠣᠨ ᠢᠶᠠᠨ ᠬᠠᠮᠠᠭᠠᠯᠠᠵᠤ᠂ ᠨᠡᠶᠢᠭᠡᠮ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠬᠠᠮᠠᠭᠠᠯᠠᠬᠤ ᠵᠢᠴᠢ ᠠᠵᠤ ᠠᠬᠤᠢ ᠶᠢᠨ ᠬᠥᠭᠵᠢᠯᠲᠡ ᠶᠢᠨ ᠨᠢᠭᠡᠨ ᠰᠠᠯᠠᠭ᠎ᠠ ᠴᠢᠬᠤᠯᠠ ᠬᠦᠴᠦᠨ ᠮᠥᠨ᠃ᠦᠨᠳᠦᠰᠦᠨ ᠱᠠᠲᠤᠨ ᠤ ᠡᠷᠦᠬᠡ ᠶᠢᠨ ᠴᠡᠷᠢᠭ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠡᠶᠢᠨ ᠤ ᠪᠡᠯᠡᠳᠬᠡᠯ ᠬᠢᠵᠦ ᠡᠭᠦᠷᠭᠡ ᠭᠦᠢᠴᠡᠳᠬᠡᠬᠦ ᠪᠡᠯᠡᠳᠬᠡᠯ ᠢ ᠴᠠᠭ ᠲᠤᠬᠠᠢ ᠳᠤᠨᠢ ᠰᠠᠶᠢᠲᠤᠷ ᠬᠢᠵᠦ᠂ ᠨᠢᠭᠡᠨ ᠰᠠᠯᠠᠭ᠎ᠠ ᠠᠪᠴᠤ ᠳᠡᠶᠢᠯᠬᠦ᠂ ᠬᠡᠷᠡᠭᠯᠡᠵᠦ ᠳᠡᠶᠢᠯᠬᠦ᠂ ᠦᠢᠯᠡᠳᠦᠯ ᠭᠠᠷᠭᠠᠬᠤ᠂ ᠴᠢᠨᠠᠷ ᠦᠯᠦ ᠬᠤᠪᠢᠷᠠᠬᠤ ᠡᠷᠦᠬᠡ ᠶᠢᠨ ᠴᠡᠷᠢᠭ ᠤᠨ ᠡᠩᠨᠡᠭᠡ ᠶᠢ ᠦᠨᠡᠨᠬᠦ ᠪᠠᠶᠢᠭᠤᠯᠬᠤ ᠬᠡᠷᠡᠭᠲᠡᠢ᠃
6.12+2.jpg
      ᠵᠠᠩ ᠬᠤᠣ ᠪᠦᠸᠧ ᠨᠥᠬᠦᠷ ᠡᠷᠦᠬᠡ ᠶᠢᠨ ᠴᠡᠷᠢᠭ ᠢ ᠲᠥᠯᠥᠭᠡᠯᠡᠨ ᠶᠠᠷᠢᠶ᠎ᠠ ᠲᠠᠯᠪᠢᠬᠤ ᠳᠠᠭᠠᠨ ᠲᠡᠷᠡ ᠢᠲᠡᠭᠡᠯ ᠵᠣᠷᠢᠭ ᠢᠶᠠᠨ ᠪᠠᠲᠤᠳᠬᠠᠨ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠶᠢ ᠦᠨᠡᠨᠴᠢ ᠪᠠᠷ ᠭᠦᠢᠴᠡᠳᠬᠡᠵᠦ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠡᠷᠡᠰ ᠪᠡᠶᠡᠯᠡᠭᠦᠯᠦᠨ᠎ᠡ ᠭᠡᠵᠦ ᠢᠯᠡᠷᠬᠡᠶᠢᠯᠡᠵᠡᠢ᠃ᠶᠡᠭᠡ ᠬᠤᠷᠠᠯ‌‍ᠠ᠋ᠴᠠ ᠡᠷᠦᠬᠡ ᠶᠢᠨ ᠴᠡᠷᠢᠭ ᠤᠨ ᠺᠠᠳ᠋ᠷ ᠤᠨ ᠲᠤᠰᠢᠶᠠᠯ ᠡᠭᠦᠷᠭᠡᠯᠡᠬᠦ ᠵᠠᠷᠯᠢᠭ ᠢ ᠨᠡᠶᠢᠲᠡᠯᠡᠭᠰᠡᠨ ᠪᠥᠭᠡᠳ ᠰᠢᠯᠢᠳᠡᠭ ᠡᠷᠦᠬᠡ ᠶᠢᠨ ᠴᠡᠷᠢᠭ ᠲᠤ ᠨᠡᠷ᠎ᠡ ᠳᠤᠷᠠᠳᠤᠵᠠᠢ᠃ᠵᠠᠯᠭᠠᠭᠠᠳ ᠰᠢᠯᠢᠳᠡᠭ ᠡᠷᠦᠬᠡ ᠶᠢᠨ ᠴᠡᠷᠢᠭ ᠬᠠᠮᠲᠤᠪᠠᠷ ᠲᠠᠩᠭᠠᠷᠢᠭᠯᠠᠵᠤ᠂ ᠴᠤᠭ ᠵᠢᠪᠬᠤᠭ᠎ᠠ ᠲᠡᠭᠦᠯᠳᠡᠷ᠂ ᠣᠮᠤᠭ ᠰᠦᠷ ᠪᠠᠳᠠᠷᠠᠩᠭᠤᠢ ᠪᠠᠶᠢᠵᠤ᠂ ᠰᠢᠨ᠎ᠡ ᠴᠠᠭ ᠦᠶ᠎ᠡ ᠶᠢᠨ ᠡᠷᠦᠬᠡ ᠶᠢᠨ ᠴᠡᠷᠢᠭ ᠤᠨ ᠰᠠᠶᠢᠨ ᠰᠠᠶᠢᠬᠠᠨ ᠵᠣᠷᠢᠭ ᠰᠠᠨᠠᠭᠠᠨ ᠤ ᠳᠦᠷᠰᠦ ᠪᠠᠶᠢᠳᠠᠯ ᠪᠠ ᠳᠠᠶᠢᠴᠢᠨ ᠬᠦᠴᠦᠨ ᠢ ᠭᠦᠢᠴᠡᠳ ᠢᠯᠡᠷᠡᠭᠦᠯᠪᠡ᠃《 ᠪᠢ ᠪᠣᠯ ᠳᠤᠮᠳᠠᠳᠤ ᠤᠯᠤᠰ ᠤᠨ ᠡᠷᠦᠬᠡ ᠶᠢᠨ ᠴᠡᠷᠢᠭ᠂ ᠪᠢ ᠲᠠᠩᠭᠠᠷᠢᠭᠯᠠᠶ᠎ᠠ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠳᠠᠭᠠᠵᠤ᠂ ᠤᠯᠤᠰ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠶᠢ ᠦᠨᠡᠨᠴᠢ ᠪᠠᠷ ᠭᠦᠢᠴᠡᠳᠬᠡᠨ᠎ᠡ ; 》 ᠭᠡᠵᠦ ᠰᠢᠶᠠᠩ ᠤᠨ ᠵᠡᠪᠰᠡᠭᠲᠦ ᠬᠦᠴᠦᠨ ᠤ ᠬᠡᠷᠡᠭ ᠮᠡᠳᠡᠭᠴᠢ ᠼᠤᠤ ᠽᠧ ᠢᠦᠢ ᠨᠥᠬᠦᠷ ᠪᠦᠬᠦ ᠰᠢᠯᠢᠳᠡᠭ ᠡᠷᠦᠬᠡ ᠶᠢᠨ ᠴᠡᠷᠢᠭ ᠢ ᠳᠠᠭᠠᠭᠤᠯᠤᠨ ᠲᠥᠪ ᠴᠢᠩᠭ᠎ᠠ ᠪᠠᠷ ᠲᠠᠩᠭᠠᠷᠢᠭᠯᠠᠨ᠎ᠠ᠃
6.12+3.jpg
      ᠡᠨᠡ ᠤᠳᠠᠭ᠎ᠠ ᠶᠢᠨ ᠶᠡᠭᠡ ᠬᠤᠷᠠᠯ ᠡᠷᠦᠬᠡ ᠶᠢᠨ ᠴᠡᠷᠢᠭ ᠤᠨ ᠪᠦᠬᠦ᠋ᠯᠡ ᠴᠣᠭᠴᠠ ᠶᠢᠨ ᠬᠡᠪ ᠴᠢᠨᠠᠷ ᠢ ᠤᠯᠠᠮ ᠨᠢᠭᠡ ᠠᠯᠬᠤᠮ ᠰᠢᠯᠭᠠᠨ ᠪᠠᠶᠢᠴᠠᠭᠠᠵᠤ᠂ ᠬᠤᠵᠢᠷᠲᠤ ᠰᠢᠶᠠᠩ ᠤᠨ ᠭᠡᠨᠡᠳᠲᠡ ᠶᠢᠨ ᠬᠡᠷᠡᠭ ᠢ ᠠᠷᠭᠠᠴᠠᠨ ᠰᠢᠢᠳᠪᠦᠷᠢᠯᠡᠬᠦ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠬᠤᠵᠢᠷᠲᠤ ᠰᠢᠶᠠᠩ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠡᠨᠡ ᠤᠳᠠᠭᠠᠨ ᠤ ᠡᠷᠦᠬᠡ ᠶᠢᠨ ᠴᠡᠷᠢᠭ ᠤᠨ ᠴᠢᠬ ᠢᠶᠠᠷ ᠲᠣᠬᠢᠶᠠᠯ ᠪᠣᠯᠭᠠᠨ᠂ ᠰᠢᠯᠢᠳᠡᠭ ᠡᠷᠦᠬᠡ ᠶᠢᠨ ᠴᠡᠷᠢᠭ ᠤᠨ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠡᠷᠦᠬᠡ ᠶᠢᠨ ᠴᠡᠷᠢᠭ ᠤᠨ ᠡᠩᠨᠡᠭᠡ ᠶᠢ ᠰᠠᠶᠢᠲᠤᠷ ᠪᠣᠯᠪᠠᠰᠤᠷᠠᠭᠤᠯᠵᠤ᠂ ᠡᠩ ᠤᠨ ᠦᠶ᠎ᠡ ᠳᠤ ᠦᠢᠯᠡᠴᠢᠯᠡᠵᠦ᠂ ᠪᠠᠴᠢᠮ ᠦᠶ᠎ᠡ ᠳᠤ ᠪᠠᠴᠢᠮ ᠪᠠᠶᠢᠳᠠᠯ ᠢ ᠠᠷᠭᠠᠴᠠᠵᠤ᠂ ᠲᠡᠶᠢᠨ ᠤ ᠦᠶ᠎ᠡ ᠳᠤ ᠪᠠᠶᠢᠯᠳᠤᠵᠤ ᠴᠢᠳᠠᠬᠤ ᠬᠡᠳᠦ ᠴᠢᠩᠭ᠎ᠠ ᠡᠷᠦᠬᠡ ᠶᠢᠨ ᠴᠡᠷᠢᠭ ᠤᠨ ᠨᠢᠭᠡᠨ ᠰᠠᠯᠠᠭ᠎ᠠ ᠡᠩᠨᠡᠭᠡ ᠶᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠡᠷᠦᠬᠡ ᠶᠢᠨ ᠴᠡᠷᠢᠭ ᠤᠨ ᠠᠵᠢᠯ ᠤᠨ ᠪᠠᠶᠢᠭᠤᠯᠤᠯᠲᠠ ᠶᠢ ᠰᠢᠨ᠎ᠡ ᠨᠢᠭᠡᠨ ᠳᠡᠭᠲᠡᠷ ᠲᠤ ᠭᠠᠷᠭᠠᠬᠤ ᠶᠢ ᠠᠬᠢᠭᠤᠯᠬᠤ ᠪᠣᠯᠤᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ     
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2