ᠳᠥᠷᠪᠡᠳ ᠬᠤᠰᠢᠭᠤ 《 ᠰᠡᠳᠬᠢᠯ ᠢᠶᠠᠨ ᠨᠢᠭᠡᠳᠬᠡᠨ ᠨᠢᠰᠬᠦ ᠤᠩᠭᠤᠴᠠ ᠪᠠᠨ ᠤᠭᠲᠤᠵᠠᠭᠠᠶ᠎ᠠ 》 ᠰᠣᠶᠣᠯ | ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ 《 ᠭᠤᠷᠪᠠ ᠶᠢ ᠬᠥᠳᠡᠭᠡ ᠬᠦᠷᠭᠡᠬᠦ 》 ᠰᠢᠷᠢᠰ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ | | 6 ᠰᠠᠷ᠎ᠠ ᠶᠢᠨ 5 ᠤ ᠡᠳᠦᠷ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ᠂ ᠳᠥᠷᠪᠡᠳ | ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠵᠡᠷᠭᠡ ᠣᠯᠠᠨ ᠰᠠᠯᠠᠭ᠎ᠠ ᠮᠥᠴᠢᠷ ᠤᠨ ᠬᠠᠮᠲᠤᠷᠠᠨ | ᠡᠷᠬᠢᠯᠡᠭᠰᠡᠨ 《 ᠰᠡᠳᠬᠢᠯ ᠢᠶᠠᠨ ᠨᠢᠭᠡᠳᠬᠡᠨ ᠨᠢᠰᠬᠦ ᠤᠩᠭᠤᠴᠠ ᠪᠠᠨ ᠤᠭᠲᠤᠵᠠᠭᠠᠶ᠎ᠠ 》 ᠰᠣᠶᠣᠯ ᠰᠢᠨᠵᠢᠯᠡᠬᠦ ᠤᠬᠠᠭᠠᠨ | ᠮᠡᠷᠭᠡᠵᠢᠯ ᠡᠷᠡᠭᠦᠯ ᠬᠠᠮᠠᠭᠠᠯᠠᠯ 《 ᠭᠤᠷᠪᠠ ᠶᠢ ᠬᠥᠳᠡᠭᠡ ᠪᠠᠭᠤᠯᠭᠠᠬᠤ 》 ᠰᠢᠷᠢᠰ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠳᠥᠷᠪᠡᠳ ᠬᠤᠰᠢᠭᠤᠨ ᠤ ᠠᠮᠲᠠᠲᠤ ᠢᠳᠡᠭᠡᠨ ᠤ ᠵᠡᠭᠡᠯᠢ ᠳᠡᠭᠡᠷ᠎ᠡ ᠶᠠᠪᠤᠭᠳᠠᠵᠤ᠂ ᠠᠷᠠᠳ ᠣᠯᠠᠨ ᠤ ᠣᠶᠤᠨ ᠤ | ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠤᠭᠠᠳ᠂ ᠲᠠᠪᠤᠨ ᠰᠠᠷ᠎ᠠ ᠶᠢᠨ ᠪᠠᠶᠠᠷ ᠤᠨ ᠡᠳᠦᠷ ᠢ ᠪᠠᠶᠠᠷᠯᠠᠨ ᠪᠡᠯᠭᠡᠯᠡᠵᠦ᠂ | ᠪᠣᠳᠠᠲᠤ ᠠᠵᠢᠯᠯᠠᠭ᠎ᠠ ᠪᠠᠷ ᠢᠶᠠᠨ ᠰᠠᠷᠠᠨ ᠳᠠᠭᠢᠨᠢ ᠵᠢᠷᠭᠤᠳᠤᠭᠠᠷ ᠨᠣᠮᠧᠷᠲᠦ ᠤᠯᠤᠰ ᠤᠨ ᠪᠠᠶᠢᠭᠤᠯᠤᠭᠳᠠᠭᠰᠠᠨ ᠳᠠᠯᠠᠨ ᠲᠠᠪᠤᠨ | ᠵᠢᠯ ᠤᠨ ᠣᠢ ᠶᠢ ᠪᠠᠶᠠᠷᠯᠠᠨ ᠤᠭᠲᠤᠵᠤ ᠪᠠᠶᠢᠨ᠎ᠠ᠃ | | | | | ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠲᠣᠭᠤᠷᠢᠭ ᠤᠨ ᠬᠤᠷᠢᠶᠠᠨ ᠤ | ᠨᠠᠷᠢᠨ ᠪᠢᠴᠢᠭ ᠤᠨ ᠳᠠᠷᠤᠭ᠎ᠠ ᠪᠥᠭᠡᠳ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠧᠩ ᠵᠣᠣ ᠾᠦᠢ᠂ ᠥᠪᠥᠷ | ᠮᠣᠩᠭᠤᠯ ᠤᠨ ᠡᠷᠡᠭᠦᠯ ᠬᠠᠮᠠᠭᠠᠯᠠᠯ ᠤᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠲᠠ ᠶᠢᠨ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠠᠷᠠᠳᠴᠢᠯᠠᠭᠰᠠᠨ ᠨᠠᠮ ᠪᠦᠯᠦᠭ ᠤᠨ ᠦᠢᠯᠡᠴᠢᠯᠡᠭᠡᠨ ᠤ | ᠲᠥᠪ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ | ᠪᠦᠬᠦᠢ ᠬᠠᠷᠢᠭᠤᠴᠠᠯᠭᠠᠲᠠᠨ ᠵᠢᠴᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠹᠠᠨ ᡁᠢ ᠯᠢᠶᠠᠩ ᠠᠵᠢᠯᠯᠠᠭ᠎ᠠ ᠳᠤ ᠣᠷᠣᠯᠴᠠᠵᠠᠢ᠃ | | | | | ᠠᠵᠢᠯᠯᠠᠭ᠎ᠠ ᠳᠤᠮᠳᠠ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠪᠣᠯᠤᠨ ᠳᠥᠷᠪᠡᠳ | ᠬᠤᠰᠢᠭᠤᠨ ᠤ ᠤᠯᠠᠭᠠᠨᠮᠥᠴᠢᠷ ᠤᠨ ᠲᠣᠭᠯᠠᠭᠴᠢᠳ ᠦᠵᠡᠭᠴᠢᠳ ᠲᠤ ᠼᠢᠷᠺ᠂ ᠶᠧᠯᠸᠢ᠂ ᠳᠠᠭᠤᠤ ᠪᠥᠵᠢᠭ ᠵᠡᠷᠭᠡ ᠭᠤᠴᠣ | ᠰᠠᠶᠢᠬᠠᠨ ᠲᠣᠭᠯᠠᠯᠲᠠ ᠭᠠᠷᠭᠠᠵᠤ᠂ ᠼᠢᠷᠺ 《 ᠵᠢᠰᠦᠨ ᠬᠡᠦᠬᠡᠳ 》᠂ 《 ᠰᠧᠴᠤᠸᠠᠨ ᠤ ᠰᠢᠷᠦᠭᠦᠨ ᠬᠤᠪᠢᠷᠠᠯᠲᠠ 》 | ᠵᠡᠷᠭᠡ ᠥᠪᠡᠷᠮᠢᠴᠡ ᠣᠨᠴᠠᠯᠢᠭ ᠲᠠᠢ ᠤᠯᠠᠮᠵᠢᠯᠠᠯᠲᠤ ᠲᠣᠭᠯᠠᠯᠲᠠ ᠨᠢ ᠨᠡᠩ ᠴᠦ ᠲᠤᠬᠠᠢ ᠶᠢᠨ ᠲᠠᠯᠠᠪᠠᠢ ᠶᠢᠨ ᠠᠭᠤᠷ | ᠠᠮᠢᠰᠬᠤᠯ ᠢ ᠥᠷᠨᠢᠯᠲᠡ ᠳᠤ ᠬᠦᠷᠭᠡᠵᠦ᠂ ᠣᠯᠠᠨ ᠲᠦᠮᠡᠨ ᠤ ᠠᠯᠠᠭ᠎ᠠ ᠲᠡᠰᠢᠯᠲᠡ ᠶᠢᠨ ᠳᠠᠭᠤᠨ ᠢ ᠣᠯᠤᠭᠰᠠᠨ ᠪᠠᠶᠢᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠣᠯᠠᠨ ᠲᠦᠮᠡᠨ ᠤ 《 ᠪᠠᠴᠢᠮ ᠬᠦᠴᠢᠷ ᠵᠣᠪᠠᠯᠠᠩ ᠵᠣᠪᠠᠨᠢᠯ ᠤᠨ ᠬᠦᠰᠡᠯ | 》 ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠣᠯᠠᠨ ᠡᠮᠨᠡᠯᠭᠡ ᠶᠢᠨ | ᠬᠤᠷᠢᠶ᠎ᠠ ᠶᠢᠨ ᠨᠡᠷᠡᠲᠦ ᠡᠮᠴᠢ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠣᠯᠠᠨ ᠲᠦᠮᠡᠨ ᠳᠤ ᠠᠯᠪᠠᠨ ᠵᠢᠷᠤᠮ ᠤᠨ | ᠡᠮᠴᠢᠯᠡᠭᠡ ᠬᠢᠵᠦ᠂ ᠴᠢᠰᠤᠨ ᠳᠠᠷᠤᠯᠲᠠ᠂ ᠴᠢᠰᠤᠨ ᠰᠢᠬᠢᠷ ᠵᠡᠷᠭᠡ ᠦᠨᠳᠦᠰᠦᠨ ᠭᠦᠢᠴᠡᠳᠬᠡᠯ ᠲᠣᠭᠠᠨ ᠤ ᠦᠢᠯᠡᠴᠢᠯᠡᠭᠡ ᠶᠢ | ᠬᠡᠮᠵᠢᠨ᠂ ᠦᠷᠭᠦᠯᠵᠢ ᠲᠣᠬᠢᠶᠠᠯᠳᠤᠬᠤ ᠡᠪᠡᠳᠴᠢᠨ ᠡᠮᠭᠡᠭ ᠲᠤ ᠴᠢᠭᠯᠡᠭᠦᠯᠦᠨ ᠠᠩᠬ᠎ᠠ ᠠᠯᠬᠤᠮ ᠤᠨ ᠰᠢᠯᠢᠨ ᠪᠠᠶᠢᠴᠠᠭᠠᠯᠲᠠ | ᠬᠢᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | | | | ᠲᠤᠰ ᠤᠳᠠᠭᠠᠨ ᠤ ᠠᠵᠢᠯᠯᠠᠭ᠎ᠠ ᠶᠢᠨ ᠵᠣᠷᠢᠯᠲᠠ ᠪᠣᠯ ᠠᠷᠠᠳᠴᠢᠯᠠᠭᠰᠠᠨ ᠨᠠᠮ ᠪᠦᠯᠦᠭ ᠤᠨ ᠡᠲᠡᠭᠡᠳ ᠤᠨ | ᠢᠯᠭᠠᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ | ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠳᠡᠮᠵᠢᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠵᠦ᠂ ᠰᠣᠶᠣᠯ᠂ ᠰᠢᠨᠵᠢᠯᠡᠬᠦ | ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠰᠢᠯᠢᠳᠡᠭ ᠡᠬᠢ ᠪᠠᠶᠠᠯᠢᠭ ᠢ ᠦᠨᠳᠦᠰᠦᠨ ᠱᠠᠲᠤᠨ ᠳᠤ | ᠵᠢᠪᠦᠭᠦᠯᠬᠦ᠂ ᠣᠯᠠᠨ ᠲᠦᠮᠡᠨ ᠳᠤ ᠦᠢᠯᠡᠴᠢᠯᠡᠭᠦᠯᠬᠦ ᠳᠡᠭᠡᠷ᠎ᠡ᠂ ᠣᠯᠠᠨ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠶᠢᠨ ᠬᠡᠯᠪᠡᠷᠢ ᠪᠠᠷ ᠴᠠᠩ ᠧᠨ ᠵᠢᠷᠭᠤᠭᠠᠨ ᠤ ᠡᠳᠦᠷ ᠭᠡᠷ ᠲᠤ ᠪᠠᠨ ᠬᠠᠷᠢᠬᠤ ᠶᠢ ᠪᠠᠶᠠᠷᠯᠠᠨ ᠤᠭᠲᠤᠨ᠎ᠠ᠃ | ᠲᠤᠬᠠᠢ ᠶᠢᠨ ᠲᠠᠯᠠᠪᠤᠷ ᠤᠨ ᠦᠵᠡᠭᠴᠢᠳ ᠯᠢ ᠳ᠋ᠡ ᠵᠢᠩ᠄ ᠥᠨᠥᠳᠥᠷ ᠡᠯ᠎ᠡ ᠵᠦᠢᠯ ᠤᠨ ᠬᠡᠯᠪᠡᠷᠢ ᠶᠢᠨ ᠭᠠᠵᠠᠷ | ᠣᠷᠣᠨ ᠤ ᠣᠨᠴᠠᠯᠢᠭᠲᠤ ᠲᠣᠭᠯᠠᠯᠲᠠ ᠮᠠᠰᠢ ᠭᠤᠶᠣ᠂ ᠮᠠᠨ ᠤ ᠳᠥᠷᠪᠡᠳ ᠬᠤᠰᠢᠭᠤᠨ ᠤ ᠠᠷᠠᠳ ᠲᠦᠮᠡᠨ ᠠᠳᠡ ᠴᠠᠩ ᠧ | ᠵᠢᠷᠭᠤᠳᠤᠭᠠᠷ ᠨᠣᠮᠧᠷᠲᠦ ᠶᠢᠨ ᠤᠷᠤᠭᠰᠢᠲᠠᠢ ᠪᠤᠴᠠᠵᠤ ᠢᠷᠡᠬᠦ ᠶᠢ ᠬᠦᠯᠢᠶᠡᠵᠦ ᠪᠠᠶᠢᠨ᠎ᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |