ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ  ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠭᠧᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠤ ᠣᠷᠴᠢᠨ ᠢ  ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/6/13
      ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ  ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠭᠧᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠤ ᠣᠷᠴᠢᠨ ᠢ  ᠪᠠᠶᠢᠭᠤᠯᠬᠤ ᠬᠡᠷᠡᠭᠲᠡᠢ    ᠯᠢ ᠴᠢᠶᠠᠩ  ᠸᠠᠩ  ᠬᠤ᠋ ᠨᠢᠩ  ᠼᠠᠢ ᠴᠢ ᠣᠷᠣᠯᠴᠠᠪᠠ      ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 11 ᠤ ᠴᠠᠭᠢᠯᠭᠠᠨ ᠮᠡᠳᠡᠭᠡ︶    ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 6 ᠰᠠᠷ᠎ᠠ ᠶᠢᠨ 11 ᠤ ᠦᠳᠡ ᠶᠢᠨ  ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ  ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠲᠤᠬᠠᠢ ᠰᠠᠨᠠᠯ︾᠂ ︽ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠣᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ︾᠂ ︽ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠤ ᠣᠷᠴᠢᠨ ᠢ  ᠪᠠᠶᠢᠭᠤᠯᠬᠤ ᠲᠤᠬᠠᠢ ᠰᠠᠨᠠᠯ ᠤᠳ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃             ᠰᠢ ᠶᠢᠨ ᠫᠢᠩ ᠬᠤᠷᠠᠯ ᠢ ᠡᠷᠭᠢᠯᠡᠭᠦ ᠳᠡᠭᠡᠨ᠂ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ  ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠳᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ  ᠲᠠᠢ  ᠨᠡᠶᠢᠭᠡᠮ ᠵᠢᠷᠤᠮ ᠤᠨ  ᠪᠠᠶᠢᠭᠤᠯᠤᠯ ᠤᠨ ᠳᠠᠪᠠᠭᠤᠯᠢᠭ  ᠢ  ᠪᠠᠳᠠᠷᠠᠭᠤᠯᠬᠤ ᠳᠤ ᠠᠩᠬᠠᠷᠤᠯ ᠵᠶ᠋ᠠᠨ‌‍ᠲ᠋ᠥ᠋ᠪᠯᠡᠷᠡᠭᠦᠯᠵᠦ᠂  ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠠᠵᠤ  ᠠᠬᠤᠶᠢᠯᠠᠯ ᠤᠨ ᠥᠮᠴᠢᠯᠡᠯ ᠤᠨ ᠡᠷᠬᠡ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠵᠠᠰᠠᠭ ᠠᠵᠤ  ᠠᠬᠤᠶᠢᠯᠠᠯ ᠢ ᠰᠠᠯᠭᠠᠭᠰᠠᠨ᠂ ᠬᠠᠮᠢᠶᠠᠷᠤᠯᠲᠠ ᠰᠢᠨᠵᠢᠯᠡᠬᠦ ᠤᠬᠠᠭᠠᠨᠴᠢ ᠤᠳᠤ ᠦᠶ᠎ᠡ ᠶᠢᠨ ᠠᠵᠤ  ᠠᠬᠤᠶᠢᠯᠠᠯ ᠤᠨ ᠳᠦᠷᠢᠮ ᠢ  ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠨᠡᠩ ᠤᠯᠠᠨ ᠳᠡᠯᠡᠬᠡᠢ ᠶᠢᠨ ᠲᠡᠷᠢᠭᠦᠨ ᠤ ᠠᠵᠤ  ᠠᠬᠤᠶᠢᠯᠠᠯ ᠢ  ᠪᠤᠶᠢᠵᠢᠭᠤᠯᠬᠤ ᠬᠡᠷᠡᠭᠲᠡᠢ ᠃ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ  ᠪᠠᠶᠢᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ  ᠬᠦ ᠪᠠᠲᠤᠯᠠᠬᠤ ᠳᠤ ᠡᠷᠬᠡᠪᠰᠢ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠪᠠ ᠣᠷᠣᠨ ᠨᠤᠲᠤᠭ ᠤᠨ ᠠᠮᠤ ᠪᠤᠳᠠᠭ᠎ᠠ ᠲᠠᠷᠢᠬᠤ ᠶᠢ ᠠᠳᠬᠤᠬᠤ ᠢᠳᠡᠪᠬᠢᠵᠢᠯ ᠢ ᠬᠠᠮᠠᠭᠠᠯᠠᠨ  ᠳᠠᠶᠢᠴᠢᠯᠠᠵᠤ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠠ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠵᠦ᠂ ᠲᠦᠷᠦ ᠶᠢᠨ ᠪᠣᠳᠣᠯᠭ᠎ᠠ ᠶᠢᠨ ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠡᠭᠡᠭᠡᠯᠲᠡ ᠬᠢᠬᠦ ᠪᠠᠷ ᠰᠢᠨ᠎ᠡ ᠶᠢ ᠡᠭᠦᠳᠬᠦ ᠶᠢ ᠠᠬᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠳᠠᠭᠠᠳᠤ ᠨᠡᠭᠡᠭᠡᠯᠲᠡ ᠬᠢᠬᠦ  ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ  ᠳᠤᠪᠤᠶᠢᠯᠭᠠᠵᠣ ᠨᠡᠭᠡᠭᠡᠯᠲᠡ ᠬᠢᠵᠦ ᠰᠢᠨ᠎ᠡ ᠶᠢ ᠡᠭᠦᠳᠬᠦ ᠳᠦᠷᠢᠮ ᠤᠨ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃            ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ  ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ  ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ  ᠬᠣ᠋ ᠨᠢᠩ᠂ ᠼᠠᠢ ᠴᠢ ᠬᠤᠷᠠᠯ ᠳᠤ ᠣᠷᠣᠯᠴᠠᠪᠠ᠃            ᠬᠤᠷᠠᠯ ᠠᠴᠠ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ  ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠳᠤ᠂ ᠠᠵᠤ  ᠠᠬᠤᠶᠢᠯᠠᠯ ᠤᠨ ᠡᠵᠡᠩᠨᠡᠯᠲᠡ ᠶᠢᠨ ᠭᠤᠣᠯ ᠴᠣᠭᠴᠠ ᠶᠢᠨ  ᠪᠠᠶᠢᠷᠢ ᠰᠠᠭᠤᠷᠢ ᠶᠢ ᠭᠦᠨᠳᠦᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠠᠵᠤ  ᠠᠬᠤᠶᠢᠯᠠᠯ ᠤᠨ ᠬᠡᠪᠴᠢᠶ᠎ᠡ᠂ ᠬᠥᠭᠵᠢᠯᠲᠡ ᠶᠢᠨ ᠱᠠᠲᠤ ᠦᠶ᠎ᠡ᠂ ᠥᠮᠴᠢᠯᠡᠯ ᠤᠨ ᠳᠦᠷᠢᠮ ᠤᠨ ᠰᠢᠨᠵᠢ ᠴᠢᠨᠠᠷ ᠵᠡᠷᠭᠡ ᠶᠢ ᠦᠨᠳᠦᠰᠦᠯᠡᠨ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠬᠥᠲᠥᠯᠥᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠠᠵᠤ  ᠠᠬᠤᠶᠢᠯᠠᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠠᠴᠠ ᠤᠯᠤᠰ ᠤᠨ ᠥᠮᠴᠢᠯᠡᠯ ᠤᠨ ᠠᠵᠤ  ᠠᠬᠤᠶᠢᠯᠠᠯ ᠢ ᠤᠳᠤᠷᠢᠳᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ  ᠠᠬᠤᠶᠢᠯᠠᠯ ᠤᠨ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠬᠤ  ᠶᠢ ᠠᠬᠢᠭᠤᠯᠵᠤ ᠂ ᠤᠯᠤᠰ ᠤᠨ ᠥᠮᠴᠢᠯᠡᠯ ᠤᠨ ᠠᠵᠤ  ᠠᠬᠤᠶᠢᠯᠠᠯ ᠤᠨ ᠤᠳᠤ ᠦᠶ᠎ᠡ ᠶᠢᠨ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ ᠠᠵᠤ  ᠠᠬᠤᠶᠢᠯᠠᠯ ᠤᠨ ᠤᠳᠤ ᠦᠶ᠎ᠡ ᠶᠢᠨ ᠠᠵᠤ  ᠠᠬᠤᠶᠢᠯᠠᠯ ᠤᠨ ᠳᠦᠷᠢᠮ  ᠪᠠᠶᠢᠭᠤᠯᠬᠤ ᠶᠢ ᠵᠣᠷᠢᠭᠵᠢᠭᠤᠯᠵᠤ᠂ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠬᠤᠪᠢ ᠣᠷᠣᠭᠤᠯᠤᠭᠴᠢ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ  ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ᠂ ᠨᠠᠮ ᠤᠨ  ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠳᠣᠲᠣᠭᠠᠳᠤ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠣᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠶᠢ ᠨᠡᠩ  ᠳᠤᠪᠤᠶᠢᠮ᠎ᠠ  ᠪᠠᠶᠢᠷᠢᠨ ᠳᠤ ᠲᠠᠯᠪᠢᠵᠤ᠂ ᠦᠨ᠎ᠡ ᠬᠠᠩᠰᠢ᠂ ᠨᠥᠬᠦᠪᠦᠷᠢ᠂ ᠳᠠᠭᠠᠳᠬᠠᠯ ᠵᠡᠷᠭᠡ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠡᠵᠡᠩᠨᠡᠯᠲᠡ ᠶᠢᠨ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠱᠠᠩᠨᠠᠵᠤ ᠨᠥᠬᠦᠪᠦᠷᠢᠯᠡᠬᠦ ᠶᠢ ᠵᠣᠷᠢᠭᠵᠢᠭᠤᠯᠬᠤ ᠳᠦᠷᠢᠮ ᠢ ᠪᠦᠷᠢᠨᠰᠢᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠳᠤ ᠤᠯᠠᠨ ᠠᠷᠭ᠎ᠠ ᠵᠠᠮ ᠢᠶᠠᠷ ᠠᠰᠢᠭ ᠲᠤᠰᠠ ᠶᠢᠨ ᠨᠥᠬᠦᠪᠦᠷᠢ ᠥᠭᠬᠦ ᠠᠷᠭ᠎ᠠ ᠶᠢ ᠰᠦᠪᠡᠭᠴᠢᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠵᠦ ᠬᠠᠮᠠᠭᠠᠯᠠᠬᠤ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠮᠤᠵᠢ ᠶᠢᠨ ᠬᠤᠭᠤᠷᠣᠨᠳᠣᠭᠢ ᠠᠰᠢᠭ ᠲᠤᠰᠠ ᠶᠢᠨ ᠨᠥᠬᠦᠪᠦᠷᠢ ᠥᠭᠬᠦ ᠲᠣᠭᠲᠠᠴᠠ ᠶᠢ  ᠪᠠᠶᠢᠭᠤᠯᠬᠤ ᠲᠠᠯ᠎ᠠ ᠪᠠᠷ ᠪᠣᠳᠠᠲᠠᠢ ᠠᠯᠬᠤᠮ ᠢ ᠠᠯᠬᠤᠵᠤ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ᠂ ᠭᠤᠣᠯ ᠪᠣᠷᠤᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠤᠯᠠᠭᠤᠯᠭ᠎ᠠ ᠲᠡᠩᠴᠡᠭᠦᠷᠢᠲᠡᠢ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠮᠲᠤ ᠶᠢᠨ ᠬᠠᠷᠢᠭᠤᠴᠠᠯᠭ᠎ᠠ ᠶᠢ  ᠰᠠᠶᠢᠳᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠢᠵᠢᠭ ᠲᠠᠷᠢᠶᠠᠴᠢᠨ ᠡᠷᠦᠭᠡ ᠪᠣᠯᠣᠨ ᠰᠢᠨ᠎ᠡ ᠭᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠨᠢᠭᠡᠳᠦᠯᠲᠡᠢ ᠲᠥᠯᠥᠪᠵᠢᠭᠦᠯᠦᠨ ᠳᠡᠮᠵᠢᠵᠦ᠂ ᠲᠥᠷᠥ ᠶᠢᠨ ᠪᠣᠳᠣᠯᠭ᠎ᠠ ᠪᠠᠷ   ᠲᠡᠳᠬᠦᠬᠦ᠂ ᠦᠢᠯᠡᠴᠢᠯᠡᠵᠦ ᠬᠥᠲᠥᠯᠥᠨ ᠵᠢᠯᠤᠭᠤᠳᠬᠤ᠂ ᠠᠰᠢᠭ ᠲᠤᠰᠠ ᠶᠢᠨ ᠬᠤᠯᠪᠤᠭ᠎ᠠ ᠵᠡᠷᠭᠡ ᠶᠢ ᠴᠢᠩᠭᠠᠳᠬᠠᠵᠤ᠂ ᠵᠢᠵᠢᠭ ᠲᠠᠷᠢᠶᠠᠴᠢᠨ ᠡᠷᠦᠭᠡ ᠪᠣᠯᠣᠨ ᠣᠲᠣ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃             ᠬᠤᠷᠠᠯ ᠠᠴᠠ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠤ ᠣᠷᠴᠢᠨ ᠢ ᠪᠠᠶᠢᠭᠤᠯᠬᠤ ᠳᠤ᠂ ︽ᠭᠠᠷᠴᠤ ᠶᠠᠪᠤᠬᠤ︾ ᠪᠠ ︽ᠣᠷᠣᠭᠤᠯᠤᠨ ᠠᠪᠴᠢᠷᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠬᠠᠨᠢᠲᠠᠨ ᠤ ᠬᠠᠷᠢᠯᠴᠠᠭ᠎ᠠ ᠶᠢ  ᠴᠢᠷᠮᠠᠶᠢᠨ ᠪᠠᠶᠢᠭᠤᠯᠵᠤ᠂ ᠪᠦᠭᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠤᠷᠢᠳᠴᠢᠯᠠᠨ ᠲᠥᠰᠥᠪᠯᠡᠬᠦ ᠪᠠ ᠭᠦᠨᠵᠡᠭᠡᠢ ᠣᠷᠤᠯᠴᠠᠬᠤ ᠶᠢ ᠪᠠᠷᠢᠮᠲᠠᠯᠠᠬᠤ ᠬᠡᠷᠡᠭᠲᠡᠢ᠃  ᠳᠡᠯᠡᠬᠡᠶᠢᠵᠢᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠤ  ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠪᠣᠳᠠᠲᠠᠢ ᠠᠩᠬᠠᠷᠤᠯ ᠲᠠᠯᠪᠢᠵᠤ  ᠪᠠᠶᠢᠭ᠎ᠠ ᠠᠰᠠᠭᠤᠳᠠᠯ ᠢ ᠬᠠᠷᠠᠭᠠᠯᠠᠨ᠂  ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠦᠯᠡᠳᠡᠭᠡᠵᠦ  ᠳᠡᠶᠢᠯᠬᠦ ᠰᠠᠶᠢᠳᠤᠷ ᠬᠡᠷᠡᠭᠯᠡᠬᠦ ᠶᠢ ᠦᠨᠡᠨ  ᠬᠦ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠤᠷ ᠲᠦᠪᠰᠢᠨ ᠤ ᠳᠦᠷᠢᠮ ᠪᠣᠯᠣᠨ ᠠᠶᠤᠯ ᠲᠦᠭᠰᠢᠭᠦᠷᠢ ᠶᠢ  ᠰᠡᠷᠭᠡᠶᠢᠯᠡᠬᠦ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠭᠦᠯᠵᠦ᠂ ᠨᠡᠭᠡᠭᠡᠯᠲᠡᠲᠤ ᠣᠷᠴᠢᠨ ᠨᠥᠬᠦᠴᠡᠯ ᠳᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃               ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ  ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ᠳᠡᠪᠰᠢᠭᠦᠯᠦᠭᠴᠢ᠄  ᠲᠡᠷᠭᠡᠯ 
 
ᠢᠷᠡᠯᠲᠡ᠄ ᠦᠪᠦᠷ ᠮᠤᠩᠭᠤᠯ  ᠤᠨ ᠵᠠᠰᠠᠭ  ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2