ᠵᠠᠩᠭᠠᠨ ᠰᠤᠮᠤ 《 ᠨᠢᠭᠡ ᠪᠣᠯᠵᠤᠭ᠎ᠠ ᠳᠥᠷᠪᠡᠨ ᠬᠤᠷᠠᠯ 》 ᠢ ᠰᠠᠶᠢᠲᠤᠷ ᠬᠡᠷᠡᠭᠯᠡᠨ ᠪᠣᠯᠪᠠᠰᠤᠨ ᠬᠡᠪ ᠰᠤᠷᠲᠠᠯ ᠢ ᠰᠠᠨᠠᠭᠠᠴᠢᠯᠠᠶ᠎ᠠ
ᠨᠡᠶᠢᠲᠡᠯᠡᠭᠰᠡᠨ ᠴᠠᠭ᠄
2024/6/18
      ᠵᠠᠩᠭᠠᠨ ᠰᠤᠮᠤ 《 ᠨᠢᠭᠡ ᠪᠣᠯᠵᠤᠭ᠎ᠠ ᠳᠥᠷᠪᠡᠨ ᠬᠤᠷᠠᠯ 》 ᠢ ᠰᠠᠶᠢᠲᠤᠷ ᠬᠡᠷᠡᠭᠯᠡᠨ ᠪᠣᠯᠪᠠᠰᠤᠨ ᠬᠡᠪ ᠰᠤᠷᠲᠠᠯ ᠢ ᠰᠠᠨᠠᠭᠠᠴᠢᠯᠠᠶ᠎ᠠ             ᠣᠶᠢᠷ᠎ᠠ ᠶᠢᠨ ᠵᠢᠯ  ᠠᠴᠠ᠂ ᠵᠠᠩᠭᠠᠨ ᠰᠤᠮᠤ ᠬᠡᠪ ᠵᠠᠩᠰᠢᠯ ᠢ ᠥᠭᠡᠷᠡᠴᠢᠯᠡᠬᠦ ᠶᠢ ᠶᠡᠬᠡᠪᠡᠷ ᠠᠬᠢᠭᠤᠯᠵᠤ᠂ ᠪᠣᠯᠪᠠᠰᠤᠨ ᠰᠢᠨ᠎ᠡ ᠰᠤᠷᠲᠠᠯ ᠢ ᠢᠳᠡᠪᠬᠢᠲᠡᠢ ᠪᠣᠢ ᠪᠣᠯᠭᠠᠨ᠂ 《 ᠨᠢᠭᠡ ᠪᠣᠯᠵᠤᠭ᠎ᠠ ᠳᠥᠷᠪᠡᠨ ᠬᠤᠷᠠᠯ 》 ᠤᠨ ᠵᠠᠭᠪᠤᠷ ᠢ ᠰᠠᠨᠠᠭᠠᠴᠢᠯᠠᠨ ᠳᠡᠯᠭᠡᠷᠡᠭᠦᠯᠬᠦ ᠶᠢᠨ ᠬᠠᠮᠲᠤ 《 ᠨᠢᠭᠡ ᠪᠣᠯᠵᠤᠭ᠎ᠠ ᠳᠥᠷᠪᠡᠨ ᠬᠤᠷᠠᠯ 》 ᠢ ᠦᠨᠳᠦᠰᠦᠨ ᠱᠠᠲᠤᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠪᠦᠲᠦᠮᠵᠢᠲᠡᠢ ᠠᠴᠢᠶᠠᠯᠠᠪᠤᠷᠢ ᠪᠣᠯᠭᠠᠵᠤ᠂ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ 《 ᠰᠦᠷ ᠰᠦᠯᠳᠡ 》 ᠨᠡᠮᠡᠷᠢᠯᠡᠨ᠎ᠡ᠃       ᠲᠤᠬᠠᠢ ᠶᠢᠨ ᠭᠠᠵᠠᠷ ᠲᠤᠨᠢ ᠲᠣᠬᠢᠷᠠᠭᠤᠯᠤᠨ᠂ ᠤᠷᠢᠳᠠᠪᠡᠷ ᠬᠢᠵᠦ ᠤᠷᠢᠳᠠᠪᠡᠷ ᠲᠤᠷᠰᠢᠬᠤ ᠨᠢᠭᠡ ᠳᠤ ᠭᠡᠷ᠎ᠡ ᠪᠠᠶᠢᠭᠤᠯᠤᠨ᠎ᠠ᠃      ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ 《 ᠲᠣᠰᠬᠤᠨ ᠤ ᠲᠣᠭᠲᠠᠭᠠᠯ ᠠᠷᠠᠳ ᠤᠨ ᠭᠡᠷ᠎ᠡ 》 ᠶᠢ ᠲᠣᠭᠲᠠᠭᠠᠬᠤ᠂ 《 ᠳᠥᠷᠪᠡᠨ ᠬᠤᠷᠠᠯ 》 ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠰᠣᠩᠭᠤᠨ ᠭᠠᠷᠭᠠᠵᠤ᠂ 《 ᠨᠢᠭᠡ ᠪᠣᠯᠵᠤᠭ᠎ᠠ ᠳᠥᠷᠪᠡᠨ ᠬᠤᠷᠠᠯ 》 ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠦᠷᠢᠯᠭᠡᠨ ᠰᠦᠢᠳᠬᠡᠬᠦ᠂ ᠨᠡᠷᠡᠯᠡᠨ ᠬᠠᠷᠠᠵᠤ ᠠᠳᠠᠯᠢᠳᠬᠠᠬᠤ᠂ ᠡᠴᠢᠭᠡ ᠡᠬᠡ ᠪᠠᠨ ᠠᠴᠢᠯᠠᠵᠤ ᠠᠴᠢᠯᠠᠬᠤ ᠦᠭᠡᠢ ᠪᠠᠶᠢᠬᠤ ᠵᠡᠷᠭᠡ ᠵᠠᠷᠢᠮ ᠮᠠᠭᠤ ᠰᠤᠷᠲᠠᠯ ᠢ ᠬᠤᠷᠢᠭᠯᠠᠨ ᠵᠣᠭᠰᠣᠭᠠᠵᠤ᠂ 《 ᠲᠣᠰᠬᠤᠨ ᠤ ᠲᠣᠭᠲᠠᠭᠠᠯ ᠠᠷᠠᠳ ᠤᠨ ᠭᠡᠷ᠎ᠡ 》 ᠶᠢᠨ 《 ᠥᠪᠡᠷᠲᠡᠭᠡᠨ ᠵᠠᠰᠠᠬᠤ 》 ᠵᠣᠷᠢᠭ ᠰᠠᠨᠠᠭ᠎ᠠ ᠶᠢ ᠬᠥᠳᠡᠭᠡ ᠲᠣᠰᠬᠤᠨ ᠢ ᠵᠠᠰᠠᠬᠤ ᠳᠤᠮᠳᠠ ᠠᠭᠤᠰᠬᠠᠵᠤ᠂ ᠣᠯᠠᠨ ᠲᠦᠮᠡᠨ ᠢ ᠦᠨᠡᠨᠬᠦ ᠰᠢᠨ᠎ᠡ ᠰᠤᠷᠲᠠᠯ ᠢ ᠲᠣᠭᠲᠠᠭᠠᠭᠴᠢ᠂ ᠬᠡᠷᠡᠭᠵᠢᠭᠦᠯᠦᠭᠴᠢ᠂ ᠦᠨᠡᠯᠡᠭᠴᠢ ᠪᠠ ᠠᠰᠢᠭ ᠬᠦᠷᠲᠡᠭᠴᠢ ᠪᠣᠯᠭᠠᠬᠤ ᠬᠡᠷᠡᠭᠲᠡᠢ᠃ᠬᠤᠶᠠᠷ ᠲᠤ᠂ ᠭᠡᠷ᠎ᠡ ᠳᠠᠮᠵᠢᠭᠤᠯᠵᠤ ᠭᠡᠷ᠎ᠡ ᠳᠠᠮᠵᠢᠭᠤᠯᠵᠤ ᠪᠣᠯᠤᠨ᠎ᠠ᠃《 ᠲᠣᠰᠬᠤᠨ ᠤ ᠳᠦᠷᠢᠮ ᠠᠷᠠᠳ ᠤᠨ ᠭᠡᠷ᠎ᠡ 》 ᠶᠢᠨ ᠪᠣᠳᠠᠲᠠᠢ ᠠᠭᠤᠯᠭ᠎ᠠ ᠶᠢ ᠵᠠᠷᠯᠠᠨ ᠨᠡᠶᠢᠲᠡᠯᠡᠵᠦ᠂ ᠶᠡᠭᠡ ᠠᠴᠠ ᠠᠪᠤᠭᠠᠳ ᠬᠤᠪᠢ ᠪᠠᠷ ᠢᠶᠠᠨ ᠳᠤᠷ᠎ᠠ ᠪᠠᠷ ᠪᠠᠷᠢᠯᠭ᠎ᠠ ᠪᠠᠷᠢᠬᠤ᠂  ᠪᠠᠭ᠎ᠠ ᠠᠴᠠ ᠨᠢ ᠠᠪᠤᠭᠠᠳ ᠤᠯᠠᠭᠠᠨ ᠴᠠᠭᠠᠨ ᠤ ᠰᠢᠷᠡᠭᠡ ᠲᠠᠯᠪᠢᠬᠤ ᠵᠡᠷᠭᠡ ᠡᠯ᠎ᠡ ᠲᠠᠯ᠎ᠠ ᠳᠤ ᠲᠣᠳᠣᠷᠬᠠᠢ ᠲᠣᠭᠲᠠᠭᠠᠯ ᠭᠠᠷᠭᠠᠪᠠ᠃ ᠵᠢᠱᠢᠶᠡᠯᠡᠪᠡᠯ᠂ ᠬᠤᠷᠢᠮ ᠨᠠᠶᠢᠷ ᠪᠠ ᠣᠷᠣᠰᠢᠭᠤᠯᠭ᠎ᠠ ᠬᠤᠷᠢᠮ ᠨᠠᠶᠢᠷ ᠬᠢᠬᠦ ᠨᠠᠶᠢᠷ ᠤᠨ ᠪᠠᠷᠢᠮᠵᠢᠶ᠎ᠠ ᠶᠢ 20 ᠰᠢᠷᠡᠭᠡ ᠠᠴᠠ ᠬᠡᠲᠦᠷᠡᠭᠦᠯᠵᠦ ᠪᠣᠯᠬᠤ ᠦᠭᠡᠢ᠂ ᠪᠡᠯᠡᠭ ᠤᠨ ᠵᠣᠭᠤᠰ ᠢ 500  ᠲᠦᠭᠦᠷᠢᠩ ᠠᠴᠠ ᠬᠡᠲᠦᠷᠡᠭᠦᠯᠵᠦ ᠪᠣᠯᠬᠤ ᠦᠭᠡᠢ ᠭᠡᠵᠦ ᠲᠣᠭᠲᠠᠭᠠᠪᠠ ;ᠤᠷᠤᠭ ᠤᠨ ᠶᠠᠪᠤᠳᠠᠯ ᠢ ᠨᠢᠭᠡ ᠡᠳᠦᠷ ᠬᠢᠭᠡᠳ ᠰᠢᠢᠳᠪᠦᠷᠢᠯᠡᠵᠦ ᠳᠠᠭᠤᠰᠬᠠᠵᠤ ᠭᠡᠷ᠎ᠡ ᠨᠥᠬᠦᠪᠥᠷᠢᠯᠡᠬᠦ ᠥᠬᠡᠢ᠂ ᠴᠠᠭ ᠲᠤᠬᠠᠢ ᠳᠤᠨᠢ ᠣᠷᠣᠰᠢᠭᠤᠯᠭ᠎ᠠ ᠶᠢᠨ ᠦᠶ᠎ᠡ ᠳᠤ ᠠᠶᠢᠯ ᠰᠠᠭᠠᠬᠠᠯᠲᠠ ᠶᠢᠨ ᠬᠢᠨ ᠢ ᠦᠢᠮᠡᠭᠦᠯᠬᠦ ᠥᠬᠡᠢ ;ᠤᠯᠠᠭᠠᠨ ᠴᠠᠭᠠᠨ ᠬᠡᠷᠡᠭ ᠵᠠᠮ ᠬᠠᠷᠢᠯᠴᠠᠭ᠎ᠠ ᠶᠢ ᠨᠥᠯᠥᠭᠡᠯᠡᠬᠦ ᠦᠭᠡᠢ ᠭᠡᠬᠦ ᠮᠡᠲᠦ᠃ ᠭᠤᠷᠪᠠ ᠳᠤ᠂ ᠭᠡᠷ᠎ᠡ ᠪᠠᠨ ᠦᠢᠯᠡᠳᠦᠯᠭᠡᠵᠢᠭᠦᠯᠦᠨ᠎ᠡ᠃《 ᠨᠢᠭᠡ ᠪᠣᠯᠵᠣᠵᠤ ᠳᠥᠷᠪᠡ ᠠᠭᠤᠯᠵᠠᠬᠤ 》 ᠦᠢᠯᠡᠳᠦᠯ ᠢ ᠦᠨᠡᠨᠬᠦ ᠪᠠᠳᠠᠷᠠᠭᠤᠯᠵᠤ᠂ ᠭᠠᠴᠠᠭ᠎ᠠ ᠨᠢᠭᠡᠪᠦᠷᠢ ᠤᠴᠢᠷ ᠶᠠᠪᠤᠳᠠᠯ ᠭᠠᠷᠪᠠᠯ᠂ ᠬᠡᠷᠡᠭ ᠲᠤ ᠬᠤᠯᠪᠣᠭᠳᠠᠭᠰᠠᠨ ᠠᠵᠢᠯᠲᠠᠳ ᠨᠢ ᠭᠠᠴᠠᠭᠠᠨ ᠤ ᠬᠠᠮᠢᠶ᠎ᠠ ᠪᠦᠬᠦᠢ ᠬᠡᠷᠡᠭ ᠡᠷᠬᠢᠯᠡᠬᠦ ᠪᠠᠶᠢᠭᠤᠯᠤᠮᠵᠢ ᠳᠤ ᠪᠠᠶᠢᠳᠠᠯ ᠢᠶᠠᠨ ᠲᠤᠰᠬᠠᠵᠤ᠂ ᠬᠠᠮᠢᠶ᠎ᠠ ᠪᠦᠬᠦᠢ ᠬᠡᠷᠡᠭ ᠡᠷᠬᠢᠯᠡᠬᠦ ᠪᠠᠶᠢᠭᠤᠯᠤᠮᠵᠢ ᠲᠡᠷᠡ ᠳᠠᠷᠤᠢ ᠳᠤᠨᠢ ᠬᠤᠷᠠᠯ ᠬᠤᠷᠠᠯᠳᠤᠭᠤᠯᠵᠤ ᠬᠠᠮᠲᠤᠪᠠᠷ ᠰᠤᠳᠤᠯᠵᠤ᠂ ᠲᠤᠰ ᠭᠠᠴᠠᠭᠠᠨ ᠤ 《 ᠲᠣᠰᠬᠤᠨ ᠤ ᠲᠣᠭᠲᠠᠭᠠᠯ ᠠᠷᠠᠳ ᠤᠨ ᠭᠡᠷ᠎ᠡ 》 ᠶᠢᠨ ᠲᠣᠭᠲᠠᠭᠠᠯ ᠶᠣᠰᠣᠭᠠᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃         ᠵᠠᠰᠠᠭ ᠤᠨ ᠣᠷᠳᠣᠨ ᠭᠤᠣᠯᠯᠠᠨ ᠤᠳᠤᠷᠢᠳᠴᠤ᠂ ᠬᠠᠮᠲᠤ ᠪᠠᠷ ᠣᠷᠣᠯᠴᠠᠬᠤ       《 ᠨᠢᠭᠡ ᠪᠣᠯᠵᠣᠵᠤ ᠳᠥᠷᠪᠡ ᠠᠭᠤᠯᠵᠠᠬᠤ 》 ᠪᠠᠷ ᠳᠠᠮᠵᠢᠭᠤᠯᠤᠨ ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠳᠤ ᠥᠷᠭᠡᠨ ᠢᠶᠠᠷ ᠣᠷᠣᠯᠴᠠᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠢᠭᠡ ᠳᠤ ᠵᠠᠰᠠᠭ ᠤᠨ ᠣᠷᠳᠣᠨ ᠢᠶᠠᠷ ᠭᠤᠣᠯᠯᠠᠭᠤᠯᠤᠨ᠎ᠠ᠃ᠠᠵᠢᠯᠲᠠᠨ ᠪᠣᠯᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠳᠤᠷ᠎ᠠ ᠪᠠᠷ ᠢᠶᠠᠨ ᠪᠣᠰᠬᠠᠵᠤ ᠪᠠᠶᠢᠭᠤᠯᠬᠤ᠂ ᠳᠤᠷ᠎ᠠ  ᠪᠠᠷ ᠢᠶᠠᠨ ᠲᠡᠭᠦᠵᠦ ᠰᠢᠲᠠᠭᠠᠬᠤ ᠵᠡᠷᠭᠡ ᠠᠮᠢ ᠠᠬᠤᠢ ᠶᠢ ᠡᠪᠳᠡᠬᠦ ᠦᠢᠯᠡ ᠠᠵᠢᠯᠯᠠᠭ᠎ᠠ ᠶᠢ ᠣᠯᠠᠨ ᠠᠷᠭ᠎ᠠ ᠬᠡᠮᠵᠢᠶ᠎ᠡ ᠶᠢ ᠬᠠᠮᠲᠤ ᠳᠤᠨᠢ ᠴᠠᠭᠠᠵᠠᠯᠠᠬᠤ ᠬᠡᠷᠡᠭᠲᠡᠢ᠃ᠣᠪᠣᠷ ᠰᠤᠷᠲᠠᠯ ᠢᠶᠠᠨ ᠦᠨᠡᠨᠬᠦ ᠥᠭᠡᠷᠡᠴᠢᠯᠡᠵᠦ᠂ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠠᠴᠠ ᠭᠠᠷᠳᠠᠵᠤ ᠴᠢᠨᠠᠷ ᠰᠠᠶᠢᠲᠠᠢ ᠦᠢᠯᠡᠴᠢᠯᠡᠭᠡᠨ ᠢᠶᠠᠨ ᠴᠢᠩᠭᠠᠳᠬᠠᠵᠤ᠂ ᠣᠪᠣᠷ ᠰᠤᠷᠲᠠᠯ ᠤᠨ ᠪᠠᠶᠢᠭᠤᠯᠤᠯᠲᠠ ᠪᠠᠷ ᠨᠡᠶᠢᠭᠡᠮ ᠤᠨ ᠰᠤᠷᠲᠠᠯ ᠠᠷᠠᠳ ᠤᠨ ᠬᠡᠪ ᠰᠤᠷᠲᠠᠯ ᠢ ᠳᠠᠶᠢᠴᠢᠯᠠᠨ᠎ᠠ᠃ ᠬᠤᠶᠠᠷ ᠲᠤ ᠣᠯᠠᠨ ᠲᠦᠮᠡᠨ ᠤ ᠥᠪᠡᠷᠲᠡᠭᠡᠨ ᠵᠠᠰᠠᠬᠤ ᠶᠠᠪᠤᠳᠠᠯ ᠪᠣᠯᠤᠨ᠎ᠠ᠃ᠲᠤᠰᠬᠠᠢ ᠰᠡᠳᠦᠪᠲᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠭᠤᠯᠤᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ᠂ ᠠᠬᠠᠮᠠᠳ ᠪᠠᠭᠰᠢ ᠨᠠᠷ ᠢ ᠰᠣᠩᠭᠤᠵᠤ᠂ ᠡᠷᠬᠢᠮ ᠳᠡᠭᠡᠳᠦ ᠨᠡᠷ᠎ᠡ ᠬᠦᠨᠳᠦ ᠲᠠᠢ᠂ ᠬᠠᠯᠠᠭᠤᠨ ᠰᠡᠳᠬᠢᠯ ᠢᠶᠠᠷ ᠦᠢᠯᠡᠴᠢᠯᠡᠵᠦ᠂ ᠲᠥᠪ ᠭᠤᠣᠯᠴᠢ 《 ᠲᠠᠪᠤᠨ ᠠᠬᠠᠮᠠᠳ 》 ᠬᠥᠮᠦᠰ ᠵᠢᠴᠢ ᠰᠢᠶᠠᠩ ᠤᠨ ᠡᠷᠳᠡᠮᠲᠡᠨ ᠮᠡᠷᠭᠡᠳ ᠢ ᠳᠥᠷᠪᠡᠨ ᠨᠡᠶᠢᠭᠡᠮᠯᠢᠭ ᠤᠨ ᠳᠠᠷᠤᠭ᠎ᠠ ᠪᠠ ᠬᠡᠷᠡᠭ ᠡᠷᠬᠢᠯᠡᠭᠴᠢ ᠪᠠᠷ ᠰᠣᠩᠭᠤᠨ ᠭᠠᠷᠭᠠᠵᠤ᠂ ᠣᠯᠠᠨ ᠲᠦᠮᠡᠨ ᠤ ᠥᠪᠡᠷᠲᠡᠭᠡᠨ ᠵᠠᠰᠠᠬᠤ ᠴᠢᠳᠠᠪᠤᠷᠢ ᠶᠢ ᠭᠦᠢᠴᠡᠳ ᠪᠠᠳᠠᠷᠠᠭᠤᠯᠬᠤ ᠬᠡᠷᠡᠭᠲᠡᠢ᠃ ᠭᠤᠷᠪᠠ ᠳᠤ᠂ ᠬᠥᠮᠦᠨ ᠪᠦᠬᠦᠨ ᠣᠷᠣᠯᠴᠠᠨ᠎ᠠ᠃ᠮᠠᠯᠴᠢᠳ ᠤᠨ ᠡᠭᠦᠳᠡᠨ ᠡᠮᠦᠨ᠎ᠡ 《 ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ 》 ᠳᠦᠷᠢᠮ ᠲᠣᠭᠲᠠᠭᠠᠵᠤ᠂ ᠤᠯᠠᠷᠢᠯ ᠪᠦᠷᠢ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠥᠷᠨᠢᠭᠦᠯᠵᠦ᠂ ᠮᠠᠯᠴᠢᠳ ᠢ ᠵᠢᠯᠣᠭᠤᠳᠤᠨ ᠭᠡᠷ ᠪᠠᠶᠢᠰᠢᠩ ᠤᠨ ᠡᠮᠦᠨᠡᠬᠢ ᠬᠤᠶᠢᠨᠠᠬᠢ ᠡᠷᠡᠭᠦᠯ ᠬᠠᠮᠠᠭᠠᠯᠠᠯ ᠤᠨ ᠠᠷᠢᠭᠤᠨ ᠴᠡᠪᠡᠷ ᠢ ᠬᠠᠮᠠᠭᠠᠯᠠᠬᠤ ᠪᠠ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠬᠥᠳᠡᠭᠡ ᠲᠣᠰᠬᠤᠨ ᠢ ᠨᠡᠩ 《 ᠨᠢᠭᠤᠷ ᠲᠠᠯ᠎ᠠ ᠶᠢᠨ ᠥᠷᠲᠡᠭ 》  ᠲᠠᠢ ᠪᠣᠯᠭᠠᠬᠤ ᠬᠡᠷᠡᠭᠲᠡᠢ᠃ ᠡᠭᠦᠨ ᠤ ᠬᠠᠮᠲᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠶᠢ ᠠᠰᠢᠭᠯᠠᠨ᠂ ᠰᠣᠶᠣᠯ ᠤᠨ 《 ᠭᠤᠷᠪᠠ ᠶᠢ ᠬᠥᠳᠡᠭᠡ ᠬᠦᠷᠭᠡᠬᠦ 》᠂ ᠤᠷᠠᠨ ᠰᠠᠶᠢᠬᠠᠨ ᠤ ᠲᠣᠭᠯᠠᠯᠲᠠ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠯᠴᠢᠳ ᠢ ᠵᠢᠯᠣᠭᠤᠳᠤᠨ ᠢᠳᠡᠪᠬᠢᠲᠡᠢ ᠡᠷᠡᠭᠦᠯ ᠰᠠᠷᠠᠭᠤᠯ ᠵᠤᠭ᠎ᠠ ᠴᠡᠩᠭᠡᠯ ᠤᠨ ᠠᠵᠢᠯᠯᠠᠭ᠎ᠠ ᠶᠢ ᠬᠥᠮᠦᠵᠢᠭᠦᠯᠦᠨ᠎ᠡ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2