ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠦᠭᠰᠡᠨ ᠪᠠᠶᠢᠳᠠᠯ ᠳᠤ  ᠲᠤᠭᠤᠷᠢᠨ  ᠪᠠᠶᠢᠴᠠᠭᠠᠯᠲᠠ  ᠬᠢᠭᠰᠡᠨ
ᠨᠡᠶᠢᠲᠡᠯᠡᠭᠰᠡᠨ ᠴᠠᠭ᠄
2024/6/18
      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠦᠭᠰᠡᠨ ᠪᠠᠶᠢᠳᠠᠯ ᠳᠤ  ᠲᠤᠭᠤᠷᠢᠨ  ᠪᠠᠶᠢᠴᠠᠭᠠᠯᠲᠠ  ᠬᠢᠭᠰᠡᠨ               ᠣᠶᠢᠷ᠎ᠠ ᠳᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠹᠠᠩ ᠮᠠᠨ ᠤ ᠬᠤᠰᠢᠭᠤᠨ ᠳᠤ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠦᠭᠰᠡᠨ ᠪᠠᠶᠢᠳᠠᠯ ᠳᠤ ᠲᠤᠭᠤᠷᠢᠨ  ᠪᠠᠶᠢᠴᠠᠭᠠᠯᠲᠠ  ᠬᠢᠭᠰᠡᠨ  ᠪᠠᠶᠢᠨ᠎ᠠ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠤᠷᠰᠢᠯᠲᠠ ᠶᠢᠨ ᠪᠠᠭ᠎ᠠ ᠰᠤᠷᠭᠠᠭᠤᠯᠢ᠂  ᠸᠧᠡᠶᠢᠵᠢᠩ ᠨᠡᠶᠢᠭᠡᠮ ᠲᠣᠭᠤᠷᠢᠭ᠂ ᠳ᠋ᠦ᠋ᠩ ᠪᠠ ᠬᠤᠣ ᠶᠢᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠬᠦᠷᠴᠦ᠂ ᠰᠠᠶᠢᠨ ᠳᠤᠷ᠎ᠠ ᠶᠢᠨ ᠠᠵᠢᠯᠯᠠᠭᠰᠠᠳ ᠤᠨ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠬᠦ ᠬᠡᠯᠪᠡᠷᠢ᠂ ᠦᠢᠯᠡᠴᠢᠯᠡᠬᠦ ᠦᠷ᠎ᠡ ᠪᠦᠲᠦᠮᠵᠢ ᠵᠡᠷᠭᠡ ᠲᠠᠯ᠎ᠠ ᠶᠢᠨ ᠠᠭᠤᠯᠭ᠎ᠠ ᠶᠢ ᠨᠠᠷᠢᠨ ᠨᠢᠮᠪᠠᠢ ᠪᠠᠶᠢᠴᠠᠭᠠᠨ ᠣᠶᠢᠯᠠᠭᠠᠬᠤ ᠶᠢᠨ ᠬᠠᠮᠲᠤ ᠰᠠᠶᠢᠨ ᠳᠤᠷ᠎ᠠ ᠶᠢᠨ ᠠᠵᠢᠯᠯᠠᠭᠰᠠᠳ ᠤᠨ ᠵᠣᠬᠢᠶᠠᠨ ᠪᠠᠶᠢᠭᠤᠯᠤᠯᠲᠠ ᠬᠢᠭᠡᠳ ᠬᠥᠭᠵᠢᠯᠲᠡ ᠶᠢ ᠴᠢᠩᠭᠠᠳᠬᠠᠬᠤ ᠲᠤᠬᠠᠢ ᠰᠠᠨᠠᠯ ᠪᠠ ᠰᠠᠨᠠᠭᠤᠯᠭ᠎ᠠ ᠳᠤᠷᠠᠳᠪᠠ᠃        ᠬᠤᠰᠢᠭᠤ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠠᠨ ᡁᠢ ᠯᠢᠶᠠᠩ ᠵᠡᠷᠭᠡ ᠤᠳᠤᠷᠢᠳᠤᠯᠭ᠎ᠠ ᠪᠠᠷ᠎ᠠ ᠪᠤᠯᠵᠤ ᠲᠤᠭᠤᠷᠢᠨ ᠪᠠᠶᠢᠴᠠᠭᠠᠯᠲᠠ ᠳᠤ  ᠤᠷᠤᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠴᠧᠨ ᠯᠢᠨ     ᠳ᠋ᠦᠩ  ᠵᠢᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2