ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | | 6 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠤ ᠮᠠᠨ ᠤ ᠬᠤᠰᠢᠭᠤᠨ ᠳᠤ | ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ 《 ᠲᠠᠪᠤᠨ ᠶᠡᠭᠡ | ᠡᠭᠦᠷᠭᠡ 》᠂ ᠠᠶᠤᠯᠭᠦᠢ ᠦᠢᠯᠡᠳᠪᠦᠷᠢᠯᠡᠯ᠂ ᠦᠵᠡᠯ ᠤᠬᠠᠮᠰᠠᠷ ᠤᠨ ᠬᠡᠯᠪᠡᠷᠢ ᠵᠡᠷᠭᠡ ᠠᠵᠢᠯ ᠢ ᠰᠤᠳᠤᠯᠵᠠᠢ᠃ | | | | | ᠢᠦᠢ ᠳ᠋ᠠᠢ ᠴᠢᠩ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠶᠡᠷᠦᠩᠬᠡᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ | ᠣᠨᠣᠪᠴᠢᠲᠠᠢ ᠡᠵᠡᠮᠰᠢᠵᠦ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠪᠥᠬᠦ ᠲᠠᠯ᠎ᠠ ᠶᠢᠨ ᠴᠢᠨᠠᠷᠲᠠᠢ᠂ ᠠᠯᠤᠰ | ᠬᠡᠳᠦ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠥᠷᠪᠡᠳ ᠬᠤᠰᠢᠭᠤᠨ ᠤ ᠪᠣᠳᠠᠲᠤ ᠪᠠᠶᠢᠳᠠᠯ | ᠲᠠᠢ ᠤᠶᠠᠯᠳᠤᠭᠤᠯᠤᠨ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠰᠢᠵᠦ᠂ ᠭᠦᠨᠵᠡᠭᠡᠢ | ᠣᠶᠢᠯᠠᠭᠠᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ ᠰᠦᠨ ᠱᠣᠣ ᠴᠧᠩ ᠱᠦᠵᠢ ᠮᠠᠨ ᠤ | ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠨᠢ ᠪᠦᠬᠦ ᠬᠤᠰᠢᠭᠤᠨ ᠤ ᠠᠵᠢᠯ ᠤᠨ ᠰᠢᠰᠲ᠋ᠧᠮ ᠳᠠᠬᠢ | ᠵᠢᠯᠣᠭᠤᠳᠤᠯᠭ᠎ᠠ ᠪᠠ ᠪᠦᠬᠦ ᠲᠠᠯ᠎ᠠ ᠶᠢᠨ ᠵᠢᠯᠣᠭᠤᠳᠤᠯᠭ᠎ᠠ ᠪᠣᠯᠬᠤ ᠮᠥᠷᠲᠡᠭᠡᠨ ᠺᠠᠳ᠋ᠷ ᠣᠯᠠᠨ ᠲᠦᠮᠡᠨ ᠳᠤ ᠬᠦᠴᠦᠲᠡᠢ | ᠳᠡᠮᠵᠢᠯᠭᠡ ᠦᠵᠡᠭᠦᠯᠵᠦ ᠮᠠᠯᠴᠢᠨ ᠲᠠᠷᠢᠶᠠᠴᠢᠳ ᠲᠤ ᠨᠥᠬᠦᠪᠥᠷᠢ ᠣᠯᠭᠤᠬᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠵᠡᠷᠭᠡ ᠲᠠᠯ᠎ᠠ ᠪᠠᠷ ᠳᠤᠷᠠᠳᠤᠭᠰᠠᠨ ᠱᠠᠭᠠᠷᠳᠠᠯᠭ᠎ᠠ ᠪᠣᠯᠬᠤ ᠲᠤᠯᠠ᠂ ᠪᠢᠳᠡ ᠡᠷᠬᠡᠪᠰᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠠᠳᠬᠤᠬᠤ ᠬᠡᠷᠡᠭᠲᠡᠢ᠃ ᠡᠯ᠎ᠡ ᠲᠤᠰᠬᠠᠢ ᠳᠤᠭᠤᠶᠢᠯᠠᠩ ᠤᠨ | ᠬᠠᠷᠢᠭᠤᠴᠠᠯᠭᠠᠲᠠᠨ ᠨᠢ 《 ᠲᠠᠪᠤᠨ ᠶᠡᠭᠡ ᠡᠭᠦᠷᠭᠡ 》 ᠶᠢᠨ ᠠᠵᠢᠯ ᠤᠨ ᠨᠠᠷᠢᠨ ᠬᠠᠭᠤᠳᠠᠰᠤ ᠳᠤ ᠴᠢᠭᠯᠡᠭᠦᠯᠦᠨ᠂ ᠪᠡᠶ᠎ᠡ | ᠪᠠᠷ ᠢᠶᠠᠨ ᠬᠢᠨᠠᠨ ᠭᠦᠢᠴᠡᠳᠬᠡᠵᠦ᠂ ᠪᠡᠶ᠎ᠡ ᠪᠠᠷ ᠢᠶᠠᠨ ᠲᠦᠯᠬᠢᠨ ᠠᠬᠢᠭᠤᠯᠵᠤ᠂ ᠵᠦᠢᠯ ᠳᠠᠷᠠᠭᠠᠯᠠᠨ ᠲᠣᠬᠢᠷᠠᠭᠤᠯᠵᠤ᠂ | ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ | ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠳᠤᠭᠤᠯᠤᠯᠲᠠ ᠪᠠᠨ | ᠴᠢᠩᠭᠠᠳᠬᠠᠵᠤ᠂ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠴᠠᠭ ᠲᠤᠬᠠᠢ ᠳᠤᠨᠢ ᠡᠵᠡᠮᠰᠢᠵᠦ᠂ ᠴᠠᠭ | ᠲᠤᠬᠠᠢ ᠳᠤᠨᠢ ᠠᠷᠭ᠎ᠠ ᠬᠡᠮᠵᠢᠶ᠎ᠡ ᠶᠢ ᠳᠠᠭᠠᠵᠤ᠂ ᠡᠯ᠎ᠡ ᠵᠦᠢᠯ ᠤᠨ ᠠᠵᠢᠯ ᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠶᠤᠯᠭᠦᠢ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠡᠴᠢᠨ᠎ᠡ ᠴᠢᠪᠬᠠᠳᠠᠰᠤ ᠶᠢ ᠴᠠᠭ | ᠢᠮᠠᠭᠲᠠ ᠴᠢᠩᠭᠠᠯᠠᠵᠤ᠂ 《 ᠴᠠᠭ ᠢᠮᠠᠭᠲᠠ ᠰᠠᠨᠠᠭ᠎ᠠ ᠠᠮᠤᠷ ᠪᠠᠶᠢᠵᠤ ᠪᠣᠯᠬᠤ ᠥᠬᠡᠢ 》 ᠬᠠᠷᠢᠭᠤᠴᠠᠯᠭᠠᠲᠤ ᠰᠡᠳᠬᠢᠯᠭᠡ | ᠪᠠᠷ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠤᠬᠠᠭᠤᠯᠭ᠎ᠠ ᠪᠣᠯᠤᠨ | ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠪᠠᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠩᠭ᠎ᠠ ᠬᠦᠴᠦᠲᠡᠢ | ᠶᠠᠷᠢᠶ᠎ᠠ ᠬᠡᠯᠡᠯᠴᠡᠭᠡᠨ ᠤ ᠲᠤᠯᠭᠠᠭᠤᠷᠢ ᠬᠠᠩᠭᠠᠬᠤ ᠬᠡᠷᠡᠭᠲᠡᠢ᠃ | | | | | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ᠂ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ ᠬᠤᠪᠢᠶᠠᠨ ᠬᠠᠮᠢᠶᠠᠷᠬᠤ | ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |