ᠮᠣᠩᠭᠤᠯ ᠳᠤᠮᠳᠠᠳᠤ ᠰᠤᠷᠭᠠᠭᠤᠯᠢ ᠤᠯᠠᠮᠵᠢᠯᠠᠯᠲᠤ ᠰᠣᠶᠣᠯ ᠤᠨ ᠨᠠᠭᠠᠳᠤᠮ ᠡᠷᠬᠢᠯᠡᠭᠰᠡᠨ
ᠨᠡᠶᠢᠲᠡᠯᠡᠭᠰᠡᠨ ᠴᠠᠭ᠄
2024/6/19
      ᠮᠣᠩᠭᠤᠯ ᠳᠤᠮᠳᠠᠳᠤ ᠰᠤᠷᠭᠠᠭᠤᠯᠢ ᠤᠯᠠᠮᠵᠢᠯᠠᠯᠲᠤ ᠰᠣᠶᠣᠯ ᠤᠨ ᠨᠠᠭᠠᠳᠤᠮ ᠡᠷᠬᠢᠯᠡᠭᠰᠡᠨ              6 ᠰᠠᠷ᠎ᠠ ᠶᠢᠨ 17 ᠤ ᠡᠳᠦᠷ᠂ ᠮᠠᠨ ᠤ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ 《 ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠳᠤᠳᠬᠠᠬᠤ 》ᠰᠤᠷᠭᠠᠭᠤᠯᠢ ᠶᠢᠨ ᠬᠦᠷᠢᠶᠡᠨ ᠤ ᠨᠠᠭᠠᠳᠤᠮ ᠡᠷᠬᠢᠯᠡᠭᠰᠡᠨ ᠪᠠᠶᠢᠨ᠎ᠠ᠃       ᠤᠷᠤᠯᠳᠤᠭᠠᠨ ᠤ ᠲᠥᠷᠥᠯ ᠵᠦᠢᠯ ᠨᠢ ᠦᠨᠳᠦᠰᠦᠲᠡᠨ ᠤ ᠣᠨᠴᠠᠯᠢᠭ ᠲᠠᠢ ᠳᠠᠭᠤᠤ ᠪᠥᠵᠢᠭ᠂ ᠬᠥᠭᠵᠢᠮ ᠤᠨ ᠲᠣᠭᠯᠠᠯᠲᠠ᠂ ᠪᠥᠬᠡ᠂ ᠤᠯᠠᠮᠵᠢᠯᠠᠯᠲᠤ ᠰᠤᠷ ᠬᠠᠷᠪᠤᠯᠲᠠ᠂ ᠮᠣᠩᠭᠤᠯ ᠰᠢᠳᠡᠷ᠎ᠡ ᠵᠡᠷᠭᠡ ᠤᠯᠠᠮᠵᠢᠯᠠᠯᠲᠤ ᠤᠷᠤᠯᠳᠤᠭᠠᠨ ᠤ ᠲᠥᠷᠥᠯ ᠵᠦᠢᠯ ᠵᠢᠴᠢ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠯ᠂ ᠪᠦᠲᠦᠭᠡᠯᠴᠢ ᠤᠷᠠᠨ ᠪᠦᠲᠦᠭᠡᠯ᠂ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠭᠦᠯᠦᠯᠭᠡ ᠵᠡᠷᠭᠡ ᠶᠢ ᠬᠠᠮᠤᠷᠴᠤ᠂  ᠪᠠᠶᠠᠯᠢᠭ ᠰᠠᠶᠢᠬᠠᠨ ᠠᠭᠤᠯᠭ᠎ᠠ ᠪᠠᠷ ᠶᠠᠪᠤᠭᠳᠠᠭᠰᠠᠨ ᠪᠠᠶᠢᠨ᠎ᠠ᠃      ᠲᠤᠰ ᠤᠳᠠᠭ᠎ᠠ ᠶᠢᠨ ᠰᠤᠷᠭᠠᠭᠤᠯᠢ ᠶᠢᠨ ᠬᠦᠷᠢᠶᠡᠨ ᠤ ᠨᠠᠭᠠᠳᠤᠮ ᠨᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠠᠬᠢᠭᠤᠯᠤᠭᠰᠠᠨ ᠢᠶᠠᠷ ᠪᠠᠷᠠᠬᠤ ᠦᠭᠡᠢ᠂ ᠰᠤᠷᠤᠭᠴᠢᠳ ᠤᠯᠠᠮᠵᠢᠯᠠᠯᠲᠤ ᠰᠣᠶᠣᠯ ᠤᠨ ᠨᠠᠭᠠᠳᠤᠮ ᠤᠨ ᠲᠤᠮᠳᠠ ᠠᠴᠠ ᠪᠠᠶᠠᠷ ᠪᠠᠶᠠᠰᠤᠯ ᠪᠣᠯᠤᠨ ᠢᠲᠡᠭᠡᠯ ᠵᠣᠷᠢᠭ  ᠢᠶᠠᠨ ᠬᠦᠪᠴᠢᠯᠡᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠬᠥᠭᠵᠢᠶᠡᠨᠲᠡᠢ ᠪᠣᠯᠭᠠᠭᠰᠠᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠰᠤᠷᠤᠨ᠎ᠠ   ᠵᠧᠦ ᠰᠢᠶᠣᠣ ᠯᠢᠨ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2