ᠢᠦᠢ ᠳ᠋ᠠᠢ ᠴᠢᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ ᠠᠯᠪᠠᠯᠠᠭᠰᠠᠨ
ᠨᠡᠶᠢᠲᠡᠯᠡᠭᠰᠡᠨ ᠴᠠᠭ᠄
2024/6/24
      ᠢᠦᠢ ᠳ᠋ᠠᠢ ᠴᠢᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ ᠠᠯᠪᠠᠯᠠᠭᠰᠠᠨ                ᠣᠶᠢᠷ᠎ᠠ ᠶᠢᠨ ᠡᠳᠦᠷ᠂ ᠬᠤᠰᠢᠭᠤ  ᠨᠠᠮ ᠤᠨ  ᠬᠤᠷᠢᠶᠠᠨ ᠤ  ᠱᠦᠵᠢ ᠢᠦᠢ ᠳ᠋ᠠᠢ ᠴᠢᠩ ᠬᠤᠪᠴᠠᠰᠤᠨ ᠤ ᠦᠢᠯᠡᠳᠪᠦᠷᠢ᠂ ᠲᠥᠮᠦᠰᠦᠨ ᠤ ᠠᠵᠤ ᠦᠢᠯᠡᠰ ᠤᠨ ᠲᠣᠭᠤᠷᠢᠭ᠂ ᠦᠬᠡᠷ ᠬᠤᠨᠢᠨ ᠮᠢᠬ᠎ᠠ ᠤᠷᠢᠳᠴᠢᠯᠠᠨ ᠬᠢᠭᠰᠡᠨ ᠨᠣᠭᠤᠭ᠎ᠠ ᠶᠢᠨ ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠦᠨᠵᠡᠭᠡᠶᠢᠷᠡᠵᠦ᠂ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ  ᠰᠢᠢᠦᠨᠪᠦᠷᠢᠯᠡᠭᠰᠡᠨ  ᠪᠠᠶᠢᠨ᠎ᠠ ᠃        ᠢᠦᠢ ᠳ᠋ᠠᠢ ᠴᠢᠩ ᠠᠴᠠ ᠂ ᠠᠵᠤ ᠦᠢᠯᠡᠰ ᠢ ᠬᠥᠭᠵᠢᠭᠦᠯᠬᠦ ᠪᠣᠯ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠬᠦ ᠶᠢᠨ ᠰᠠᠭᠤᠷᠢ ᠪᠠ ᠵᠠᠩᠭᠢᠯᠠᠭ᠎ᠠ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ ᠂ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠠᠵᠤ ᠦᠢᠯᠡᠰ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ  ᠭᠡᠵᠦ  ᠵᠢᠭᠠᠵᠤ  ᠭᠠᠷᠭᠠᠭᠰᠠᠨ  ᠪᠠᠶᠢᠨ᠎ᠠ ᠃      ᠬᠤᠰᠢᠭᠤᠨ ᠤ ᠤᠳᠤᠷᠢᠳᠤᠯᠭ᠎ᠠ ᠤᠷᠢᠬᠠᠨ᠂ ᠲᠣᠩ ᠰᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ  ᠲᠤᠭᠤᠷᠢᠨ  ᠪᠠᠶᠢᠴᠠᠭᠠᠯᠲᠠ ᠳᠤ  ᠤᠷᠤᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠯᠢ ᠨᠢᠩ    ᠷᠧᠨ ᠫᠧᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2