ᠢᠦᠢ ᠳ᠋ᠠᠢ ᠴᠢᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ  ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2024/6/24
      ᠢᠦᠢ ᠳ᠋ᠠᠢ ᠴᠢᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ  ᠬᠤᠷᠠᠯᠳᠤᠭᠤᠯᠤᠭᠰᠠᠨ                  ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ  ᠪᠠᠶᠢᠨ᠎ᠠ᠃      ᠬᠤᠷᠠᠯ ᠳᠡᠭᠡᠷ᠎ᠡ᠂  ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠪᠣᠯᠤᠨ ᠬᠥᠬᠡᠨᠠᠭᠤᠷ ᠮᠣᠵᠢ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ 14 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠤ ᠦᠢᠯᠡᠰ ᠤᠨ ᠬᠥᠭᠵᠢᠯᠲᠡ᠂ ᠴᠢᠬᠡᠴᠢ ᠵᠠᠰᠠᠭ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠳᠤ  ᠰᠤᠳᠤᠯᠤᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ ᠃         ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ᠂ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠬᠤᠷᠠᠯ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠴᠧᠨ ᠯᠢᠨ   ᠷᠧᠨ ᠫᠧᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2