ᠬᠤᠵᠢᠷᠲᠤ ᠰᠢᠶᠠᠩ ᠤᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠢᠯᠠᠯᠲᠠ ᠲᠠᠢ ᠬᠤᠷᠠᠯᠳᠤᠪᠠ᠃
ᠨᠡᠶᠢᠲᠡᠯᠡᠭᠰᠡᠨ ᠴᠠᠭ᠄
2024/6/26
      ᠬᠤᠵᠢᠷᠲᠤ ᠰᠢᠶᠠᠩ ᠤᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠢᠯᠠᠯᠲᠠ ᠲᠠᠢ ᠬᠤᠷᠠᠯᠳᠤᠪᠠ᠃            6 ᠰᠠᠷ᠎ᠠ ᠶᠢᠨ 24 ᠤ ᠦᠳᠡ ᠶᠢᠨ ᠡᠮᠦᠨ᠎ᠡ᠂ ᠬᠤᠵᠢᠷᠲᠤ ᠰᠢᠶᠠᠩ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠬᠢᠵᠦ᠂ ᠶᠡᠭᠡ ᠬᠤᠷᠠᠯ ᠢ ᠰᠢᠶᠠᠩ ᠤᠨ ᠨᠠᠮ ᠤᠨ ᠬᠤᠷᠢᠶᠠᠨ ᠤ ᠱᠦᠵᠢ ᠡᠷᠬᠢᠯᠡᠵᠦ᠂ ᠥᠨᠥᠳᠥᠷ ᠤᠨ ᠬᠤᠷᠠᠯ ᠳᠤ ᠣᠷᠣᠯᠴᠠᠭᠰᠠᠳ ᠲᠤ᠄ ᠲᠥᠯᠥᠭᠡᠯᠡᠭᠴᠢ ᠪᠢᠰᠢ᠂ ᠬᠤᠵᠢᠷᠲᠤ ᠰᠢᠶᠠᠩ ᠤᠨ ᠳᠡᠳ᠋ ᠰᠠᠯᠠᠭᠠᠨ ᠳᠡᠰ ᠤᠨ ᠺᠠᠳ᠋ᠷ᠂ ᠲᠥᠯᠥᠭᠡᠯᠡᠭᠴᠢ ᠪᠢᠰᠢ ᠲᠣᠰᠬᠤᠨ ᠤ ᠨᠠᠮ ᠤᠨ ᠡᠭᠦᠷ ᠤᠨ ᠱᠦᠵᠢ ᠵᠢᠴᠢ ᠪᠤᠰᠤᠳ ᠬᠠᠮᠢᠶ᠎ᠠ ᠲᠠᠢ ᠠᠵᠢᠯᠲᠠᠨ᠃ᠲᠤᠰ ᠤᠳᠠᠭ᠎ᠠ ᠶᠢᠨ ᠬᠤᠷᠠᠯ ᠳᠤ 60 ᠲᠥᠯᠥᠭᠡᠯᠡᠭᠴᠢ ᠣᠷᠣᠯᠴᠠᠬᠤ ᠶᠣᠰᠣᠲᠠᠢ᠂ ᠤᠴᠢᠷ ᠰᠢᠯᠲᠠᠭᠠᠨ ᠠᠴᠠ ᠪᠣᠯᠵᠤ 5 ᠬᠥᠮᠦᠨ ᠴᠢᠯᠥᠭᠡ ᠠᠪᠤᠭᠰᠠᠨ ᠠᠴᠠ ᠪᠣᠳᠠᠲᠠᠢ ᠲᠥᠯᠥᠭᠡᠯᠡᠭᠴᠢ 55 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃
6.25+1.jpg
      ᠰᠢᠶᠠᠩ ᠤᠨ ᠨᠠᠮ ᠤᠨ ᠬᠤᠷᠢᠶ᠎ᠠ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠤᠳᠤᠷᠢᠳᠤᠯᠭ᠎ᠠ ᠳᠣᠣᠷ᠎ᠠ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠣᠯᠤᠨ ᠪᠦᠬᠦ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ᠂ ᠡᠳ᠋ ᠤᠨ ᠵᠠᠰᠠᠭ ᠤᠨ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠵᠦ ᠪᠠᠲᠤᠯᠠᠨ᠂ ᠪᠢᠯᠧᠲ ᠥᠭᠴᠦ ᠰᠣᠩᠭᠤᠬᠤ ᠪᠠᠷ ᠳᠠᠮᠵᠢᠨ᠂ ᠬᠤᠵᠢᠷᠲᠤ ᠰᠢᠶᠠᠩ ᠤᠨ ᠵᠠᠰᠠᠭ ᠤᠨ ᠣᠷᠳᠣᠨ ᠤ ᠳᠡᠳ᠋ ᠰᠢᠶᠠᠩ ᠤᠨ ᠳᠠᠷᠤᠭ᠎ᠠ 1᠂ ᠬᠤᠵᠢᠷᠲᠤ ᠰᠢᠶᠠᠩ ᠤᠨ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠢᠨᠠᠨ ᠲᠣᠭᠲᠠᠭᠠᠵᠤ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠲᠣᠭᠲᠠᠭᠠᠵᠤ᠂ ᠶᠡᠭᠡ ᠬᠤᠷᠠᠯ ᠤᠨ ᠤᠷᠢᠳᠴᠢᠯᠠᠨ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃        ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠤ ᠳᠡᠭᠡᠷ᠎ᠡ ᠬᠠᠭᠠᠰ ᠵᠢᠯ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠩ ᠤᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠨᠢᠭᠡᠳᠦᠭᠡᠷ᠂ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠣᠢ ᠪᠣᠯᠭᠠᠬᠤ ᠪᠠᠷ ᠭᠤᠣᠯ ᠱᠤᠭᠤᠮ ᠪᠣᠯᠭᠠᠵᠤ᠂ ᠪᠦᠬᠦ ᠰᠢᠶᠠᠩ ᠤᠨ ᠠᠷᠠᠳ ᠲᠦᠮᠡᠨ ᠢ ᠪᠦᠯᠬᠦᠮᠳᠡᠭᠦᠯᠦᠨ ᠲᠦᠰᠢᠭᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠥᠬᠦ ᠲᠠᠯ᠎ᠠ ᠪᠠᠷ ᠲᠤᠤᠱᠯᠠᠭᠤᠯᠵᠤ᠂ ᠨᠢᠭᠡᠨᠲᠡ ᠲᠣᠭᠲᠠᠭᠰᠠᠨ ᠬᠥᠭᠵᠢᠯᠲᠡ ᠶᠢᠨ ᠬᠠᠷᠠᠯᠲᠠ ᠡᠭᠦᠷᠭᠡ  ᠲᠠᠢ ᠪᠠᠨ ᠨᠢᠭᠲᠡ ᠤᠶᠠᠯᠳᠤᠭᠤᠯᠤᠨ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠤᠭᠰᠠᠨ ᠢᠶᠠᠷ ᠪᠦᠬᠦ ᠰᠢᠶᠠᠩ ᠳᠤ ᠶᠡᠭᠡ ᠪᠠᠶᠢᠳᠠᠯ ᠲᠣᠭᠲᠠᠭᠤᠨ᠂ ᠬᠥᠳᠡᠯᠭᠡᠭᠴᠢ ᠬᠦᠴᠦᠨ ᠴᠢᠩᠭᠠᠷᠠᠬᠤ᠂ ᠤᠷᠢᠳᠴᠢᠯᠠᠨ ᠰᠠᠶᠢᠵᠢᠷᠠᠭᠰᠠᠨ ᠰᠠᠶᠢᠨ ᠰᠠᠶᠢᠬᠠᠨ ᠪᠠᠶᠢᠳᠠᠯ ᠢᠯᠡᠷᠡᠭᠰᠡᠨ ᠪᠠᠶᠢᠨ᠎ᠠ᠃
6.25+2.jpg
      ᠬᠤᠷᠠᠯ ᠠᠴᠠ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ  ᠨᠢᠭᠲᠠᠷᠠᠨ  ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠩ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠣᠳᠠᠲᠠᠢ ᠠᠷᠭ᠎ᠠ ᠪᠣᠳᠣᠯᠭ᠎ᠠ ᠭᠠᠷᠭᠠᠵᠤ᠂ ᠪᠣᠳᠠᠲᠠᠢ ᠠᠷᠭ᠎ᠠ ᠤᠬᠠᠭᠠᠨ ᠰᠦᠪᠡᠭᠴᠢᠯᠡᠨ᠂ ᠪᠣᠳᠠᠲᠠᠢ ᠦᠷ᠎ᠡ ᠪᠦᠲᠦᠮᠵᠢ ᠣᠯᠵᠤ᠂ ᠪᠣᠳᠠᠲᠠᠢ ᠠᠵᠢᠯ ᠬᠢᠵᠦ᠂ 《 ᠬᠤᠶᠠᠷ ᠲᠣᠮᠣ ᠶᠠᠪᠤᠳᠠᠯ 》 《 ᠵᠢᠷᠭᠤᠭᠠᠨ ᠲᠣᠮᠣ ᠶᠠᠪᠤᠳᠠᠯ 》 ᠢ ᠭᠦᠨᠵᠡᠭᠡᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠬᠤᠰᠢᠭᠤ ᠨᠠᠮ ᠤᠨ  ᠬᠤᠷᠢᠶᠠᠨ ᠠᠴᠠ ᠲᠣᠭᠲᠠᠭᠠᠭᠰᠠᠨ 《 ᠳᠥᠷᠪᠡᠨ ᠲᠣᠮᠣ ᠭᠤᠣᠯᠯᠠᠭᠴᠢ ᠠᠵᠤ ᠦᠢᠯᠡᠰ 》 《 ᠲᠠᠪᠤᠨ ᠵᠠᠭᠤᠨ ᠳ᠋ᠦ᠋ᠩᠰᠢᠭᠤᠷ ᠤᠨ ᠳᠡᠰ ᠤᠨ ᠠᠵᠤ ᠦᠢᠯᠡᠰ ᠤᠨ ᠪᠦᠯᠦᠭᠯᠡᠯ 》 《 ᠵᠢᠷᠭᠤᠭᠠᠨ ᠴᠣ᠋ ᠰᠢᠨ᠎ᠡ ᠳᠥᠷᠪᠡᠨ ᠰᠠᠯᠪᠤᠷᠢ ᠸᠠᠩ 》 ᠤᠨ ᠬᠠᠷᠠᠯᠲᠠ ᠶᠢᠨ ᠡᠭᠦᠷᠭᠡ ᠶᠢ ᠨᠡᠩ ᠨᠠᠷᠢᠨ ᠨᠡᠩ ᠪᠦᠲᠦᠮᠵᠢᠲᠡᠢ ᠨᠠᠶᠢᠳᠠᠪᠤᠷᠢᠵᠢᠭᠤᠯᠵᠤ᠂ ᠮᠠᠨ ᠤ ᠰᠢᠶᠠᠩ ᠤᠨ ᠥᠨᠳᠥᠷ ᠴᠢᠨᠠᠷ ᠴᠢᠨᠰᠠᠭᠠᠲᠤ ᠬᠥᠭᠵᠢᠯᠲᠡ ᠶᠢ ᠪᠥᠬᠦ ᠬᠤᠰᠢᠭᠤᠨ ᠤ ᠡᠮᠦᠨ᠎ᠡ ᠡᠩᠨᠡᠭᠡᠨ ᠳᠤ ᠠᠬᠢᠭᠤᠯᠵᠤ᠂ ᠨᠡᠩ ᠰᠢᠯᠢᠳᠡᠭ ᠠᠮᠵᠢᠯᠲᠠ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠢ ᠵᠦᠭ ᠲᠠᠪᠰᠢᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2