ᠵᠠᠭᠤᠴᠢᠯᠠᠭᠤᠷ ᠤᠨ ᠬᠢᠨ  ᠳᠦᠷᠪᠡᠦᠨ  ᠬᠤᠰᠢᠭᠤᠨ  ᠳᠤ ᠲᠥᠪᠯᠡᠷᠡᠭᠦᠯᠦᠨ ᠴᠠᠩ ᠡᠧ ᠵᠢᠷᠭᠤᠳᠤᠭᠠᠷ ᠨᠣᠮᠧᠷᠲᠦ ᠶᠢᠨ ᠪᠤᠴᠠᠵᠤ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ
ᠨᠡᠶᠢᠲᠡᠯᠡᠭᠰᠡᠨ ᠴᠠᠭ᠄
2024/6/26
      ᠵᠠᠭᠤᠴᠢᠯᠠᠭᠤᠷ ᠤᠨ ᠬᠢᠨ  ᠳᠦᠷᠪᠡᠦᠨ  ᠬᠤᠰᠢᠭᠤᠨ  ᠳᠤ ᠲᠥᠪᠯᠡᠷᠡᠭᠦᠯᠦᠨ ᠴᠠᠩ ᠡᠧ ᠵᠢᠷᠭᠤᠳᠤᠭᠠᠷ ᠨᠣᠮᠧᠷᠲᠦ ᠶᠢᠨ ᠪᠤᠴᠠᠵᠤ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ           ᠴᠠᠩ ᠧ ᠵᠢᠷᠭᠤᠳᠤᠭᠠᠷ ᠳᠦᠷᠪᠡᠦᠨ  ᠬᠤᠰᠢᠭᠤᠨ  ᠳᠤ  ᠪᠠᠭᠤᠵᠤ᠂ ᠬᠡᠳᠦᠨ ᠡᠳᠦᠷ ᠤᠨ ᠲᠤᠷᠰᠢ ᠰᠣᠨᠢᠨ ᠮᠡᠳᠡᠭᠡᠨ ᠤ ᠣᠯᠠᠨ ᠵᠠᠭᠤᠴᠢᠯᠠᠭᠤᠷ ᠳᠥᠷᠪᠡᠳ ᠬᠤᠰᠢᠭᠤᠨ ᠳᠤ ᠬᠦᠷᠴᠦ᠂   ᠮᠡᠳᠡᠭᠡᠯᠡᠬᠦ ᠠᠵᠢᠯᠯᠠᠭ᠎ᠠ ᠥᠷᠨᠢᠭᠦᠯᠵᠡᠢ᠃
6.25+1.jpg
      ᠳᠥᠷᠪᠡᠳ ᠬᠤᠰᠢᠭᠤᠨ ᠳᠤ᠂ ᠡᠯ᠎ᠡ ᠲᠣᠮᠣ ᠵᠠᠭᠤᠴᠢᠯᠠᠭᠤᠷ ᠤᠨ ᠰᠤᠷᠪᠤᠯᠵᠢᠯᠠᠭᠴᠢᠳ ᠤᠨ ᠶᠠᠭᠠᠷᠠᠯᠲᠠᠢ ᠪᠠᠷ᠎ᠠ ᠬᠠᠷᠠᠭᠠᠨ ᠳᠤ ᠲᠣᠳᠣᠷᠠᠨ᠎ᠠ᠃ ᠲᠡᠳᠡ ᠰᠡᠭᠦᠳᠡᠷᠯᠡᠬᠦ ᠮᠠᠰᠢᠨ ᠪᠠᠷᠢᠵᠤ᠂ ᠰᠤᠷᠪᠤᠯᠵᠢᠯᠠᠬᠤ ᠶᠠᠷᠢᠭᠤᠯ ᠠᠳᠬᠤᠨ᠂ ᠡᠯ᠎ᠡ ᠵᠠᠩᠭᠢᠯᠠᠭ᠎ᠠ ᠶᠢᠨ ᠭᠠᠵᠠᠷ ᠲᠤ ᠭᠦᠨᠵᠡᠭᠡᠶᠢᠷᠡᠵᠦ᠂ ᠴᠠᠩ ᠧ ᠵᠢᠷᠭᠤᠳᠤᠭᠠᠷ ᠭᠠᠵᠠᠷ ᠤᠨ ᠭᠠᠵᠠᠷᠳᠠᠬᠤ ᠠᠵᠢᠯ ᠲᠠᠢ ᠬᠠᠮᠢᠶ᠎ᠠ  ᠲᠠᠢ ᠪᠡᠯᠡᠳᠬᠡᠯ ᠠᠵᠢᠯ ᠢ ᠪᠠᠶᠢᠴᠠᠭᠠᠵᠤ ᠪᠠᠶᠢᠨ᠎ᠠ᠃ ᠭᠠᠵᠠᠷᠳᠠᠬᠤ ᠲᠠᠯᠠᠪᠠᠢ ᠶᠢᠨ ᠡᠯ᠎ᠡ ᠲᠥᠷᠥᠯ ᠤᠨ ᠲᠥᠬᠦᠭᠡᠷᠦᠮᠵᠢ ᠶᠢᠨ ᠪᠠᠶᠢᠷᠢᠯᠠᠯ‌‍ᠠ᠋ᠴᠠ ᠲᠤᠬᠠᠢ ᠶᠢᠨ ᠭᠠᠵᠠᠷ ᠤᠨ ᠣᠯᠠᠨ ᠲᠦᠮᠡᠨ ᠤ ᠬᠠᠯᠠᠭᠤᠨ ᠬᠦᠰᠡᠯ᠂ ᠨᠡᠶᠢᠭᠡᠮ ᠤᠨ ᠪᠦᠯᠬᠦᠮ ᠤᠨ ᠨᠠᠷᠢᠯᠢᠭ ᠪᠡᠯᠡᠳᠬᠡᠯ ᠵᠢᠴᠢ ᠰᠢᠨᠵᠢᠯᠡᠭᠡ ᠮᠡᠷᠭᠡᠵᠢᠯ ᠤᠨ ᠠᠵᠢᠯᠲᠠᠨ ᠤ ᠲᠤᠰᠬᠠᠢ ᠮᠡᠷᠭᠡᠵᠢᠯ ᠤᠨ ᠲᠠᠶᠢᠯᠤᠮᠵᠢ ᠬᠦᠷᠲᠡᠯ᠎ᠡ᠂ ᠵᠠᠭᠤᠴᠢᠯᠠᠭᠤᠷ ᠤᠨ ᠰᠤᠷᠪᠤᠯᠵᠢᠯᠠᠭᠴᠢᠳ ᠪᠥᠬᠦ ᠲᠠᠯ᠎ᠠ ᠪᠠᠷ ᠣᠯᠠᠨ   ᠨᠠᠷᠢᠯᠢᠭ ᠰᠤᠷᠪᠤᠯᠵᠢᠯᠭ᠎ᠠ ᠬᠢᠵᠦ ᠲᠡᠮᠳᠡᠭᠯᠡᠵᠡᠢ᠃
6.25+2.jpg
       ᠡᠯ᠎ᠡ ᠱᠠᠲᠤᠨ ᠤ ᠬᠡᠪᠯᠡᠯ ᠮᠡᠳᠡᠭᠡᠯᠡᠯ ᠤᠨ ᠢᠳᠡᠪᠬᠢᠲᠡᠢ ᠠᠵᠢᠯᠯᠠᠭ᠎ᠠ ᠨᠢ ᠴᠠᠩ ᠧ ᠵᠢᠷᠭᠤᠳᠤᠭᠠᠷ ᠨᠣᠮᠧᠷᠲᠦ ᠡᠭᠦᠷᠭᠡ ᠶᠢ ᠳᠡᠭᠡᠳᠦ ᠬᠡᠮᠵᠢᠶ᠎ᠡ ᠪᠠᠷ ᠠᠩᠬᠠᠷᠴᠤ᠂  ᠳᠦᠷᠪᠡᠦᠨ ᠬᠤᠰᠢᠭᠤ ᠶᠢ   ᠳᠡᠭᠡᠲᠦ  ᠬᠡᠮᠵᠢᠶᠡᠨ ᠳᠤ  ᠬᠦᠷᠭᠡᠵᠡᠢ᠃
6.25+3.jpg
       ᠳᠥᠷᠪᠡᠳ ᠬᠤᠰᠢᠭᠤ ᠶᠠᠭ ᠰᠠᠶᠢᠬᠠᠨ ᠴᠢᠯᠥᠭᠡᠲᠡᠢ ᠶᠠᠪᠤᠯᠴᠠᠬᠤ ᠳᠦᠷᠢ ᠪᠠᠶᠢᠳᠠᠯ ᠢᠶᠠᠷ᠂ ᠴᠠᠩ ᠧ ᠵᠢᠷᠭᠤᠳᠤᠭᠠᠷ ᠨᠣᠮᠧᠷᠲᠦ ᠢᠷᠠᠭᠤ ᠠᠯᠳᠠᠷ ᠢᠶᠠᠨ ᠤᠭᠲᠤᠨ ᠠᠪᠴᠢᠷᠠᠵᠤ᠂ ᠡᠯ᠎ᠡ ᠱᠠᠲᠤᠨ ᠤ ᠵᠠᠭᠤᠴᠢᠯᠠᠭᠤᠷ ᠤᠨ ᠬᠢᠨ ᠡᠨᠡ ᠬᠦ ᠠᠭᠤᠤ ᠶᠡᠭᠡ ᠲᠡᠦᠬᠡ ᠶᠢᠨ ᠭᠡᠷᠡᠴᠢᠯᠡᠭᠴᠢ ᠪᠠ ᠤᠯᠠᠮᠵᠢᠯᠠᠭᠴᠢ ᠪᠣᠯᠵᠤ ᠪᠠᠶᠢᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2