ᠮᠠᠯᠴᠢᠳ ᠴᠠᠩ ᠧ ᠵᠢᠷᠭᠤᠳᠤᠭᠠᠷ ᠠᠮᠵᠢᠯᠲᠠ ᠲᠠᠢ ᠭᠠᠵᠠᠷᠳᠠᠭᠰᠠᠨ ᠢ ᠬᠠᠮᠲᠤᠪᠠᠷ ᠭᠡᠷᠡᠴᠢᠯᠡᠨ᠎ᠡ
ᠨᠡᠶᠢᠲᠡᠯᠡᠭᠰᠡᠨ ᠴᠠᠭ᠄
2024/6/27
      ᠮᠠᠯᠴᠢᠳ ᠴᠠᠩ ᠧ ᠵᠢᠷᠭᠤᠳᠤᠭᠠᠷ ᠠᠮᠵᠢᠯᠲᠠ ᠲᠠᠢ ᠭᠠᠵᠠᠷᠳᠠᠭᠰᠠᠨ ᠢ ᠬᠠᠮᠲᠤᠪᠠᠷ ᠭᠡᠷᠡᠴᠢᠯᠡᠨ᠎ᠡ                6 ᠰᠠᠷ᠎ᠠ ᠶᠢᠨ 25 ᠤ ᠦᠳᠡ ᠶᠢᠨ ᠬᠤᠶᠢᠨᠠᠬᠢ 2 ᠴᠠᠭ 07 ᠮᠢᠨᠦ᠋ᠲ ᠲᠤ᠂ ᠴᠠᠩ ᠧ ᠵᠢᠷᠭᠤᠳᠤᠭᠠᠷ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠰᠠᠨᠰᠠᠷ ᠠᠶᠠᠯᠠᠯ ᠤᠨ ᠪᠠᠭᠤᠬᠤ ᠲᠠᠯᠠᠪᠠᠢ ᠳᠤ ᠠᠮᠵᠢᠯᠲᠠ ᠲᠠᠢ ᠭᠠᠵᠠᠷᠳᠠᠵᠤ᠂ ᠰᠠᠨᠰᠠᠷ ᠠᠶᠠᠯᠠᠯ ᠤᠨ ᠡᠭᠦᠷᠭᠡ ᠪᠠᠨ ᠲᠡᠭᠦᠰ ᠠᠮᠵᠢᠯᠲᠠ ᠲᠠᠢ  ᠪᠡᠶᠡᠯᠡᠭᠦᠯᠦᠭᠰᠡᠨ ᠪᠠᠶᠢᠨ᠎ᠠ᠃       ᠡᠨᠡᠬᠦ ᠲᠡᠦᠬᠡᠲᠦ ᠴᠢᠨᠠᠷᠲᠠᠢ ᠴᠠᠭ ᠮᠥᠴᠡ ᠨᠢ ᠪᠦᠬᠦ ᠤᠯᠤᠰ ᠤᠨ ᠠᠩᠬᠠᠷᠤᠯ ᠢ ᠲᠠᠲᠠᠭᠰᠠᠨ ᠢᠶᠠᠷ ᠪᠠᠷᠠᠬᠤ ᠦᠭᠡᠢ᠂ ᠳᠥᠷᠪᠡᠳ ᠬᠤᠰᠢᠭᠤᠨ ᠤ ᠮᠠᠯᠴᠢᠳ ᠤᠨ ᠤᠷᠢᠳ ᠡᠮᠦᠨ᠎ᠡ ᠪᠠᠶᠢᠭ᠎ᠠ ᠦᠭᠡᠢ ᠪᠠᠭ᠋ᠠᠷᠬᠠᠯ ᠢ ᠲᠦᠷᠦᠭᠦᠯᠵᠦ᠂ ᠮᠠᠯᠴᠢᠳ ᠲᠤᠬᠠᠢ ᠶᠢᠨ ᠲᠠᠯᠠᠪᠠᠢ ᠳᠤ ᠰᠢᠭᠤᠳ ᠨᠡᠪᠲᠡᠷᠡᠭᠦᠯᠭᠡ ᠶᠢ ᠦᠵᠡᠵᠦ᠂ ᠴᠠᠩ ᠧ ᠵᠢᠷᠭᠤᠳᠤᠭᠠᠷ ᠨᠣᠮᠧᠷᠲᠦ ᠬᠠᠶᠢᠭᠤᠷ ᠤᠨ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠥᠩᠭᠡ ᠭᠡᠷᠡᠯ ᠲᠠᠢ ᠪᠤᠴᠠᠵᠤ ᠢᠷᠡᠭᠰᠡᠨ ᠲᠡᠦᠬᠡᠨ ᠴᠠᠭ ᠮᠥᠴᠡ ᠶᠢ ᠬᠠᠮᠲᠤ ᠪᠠᠷ ᠭᠡᠷᠡᠴᠢᠯᠡᠭᠰᠡᠨ ᠪᠠᠶᠢᠨ᠎ᠠ᠃        ᠴᠠᠩ ᠧ ᠵᠢᠷᠭᠤᠳᠤᠭᠠᠷ ᠬᠠᠶᠢᠭᠤᠷ ᠤᠨ ᠠᠮᠵᠢᠯᠲᠠ ᠲᠠᠢ ᠭᠠᠵᠠᠷᠳᠠᠭᠰᠠᠨ ᠨᠢ ᠮᠠᠨ ᠤ ᠤᠯᠤᠰ ᠤᠨ ᠰᠠᠨᠰᠠᠷ ᠠᠶᠠᠯᠠᠯ ᠤᠨ ᠦᠢᠯᠡᠰ ᠮᠠᠰᠢ ᠠᠮᠵᠢᠯᠲᠠ ᠣᠯᠤᠭᠰᠠᠨ ᠢ ᠬᠠᠷᠠᠭᠤᠯᠵᠤ᠂ ᠮᠠᠯᠴᠢᠳ ᠡᠬᠡ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠲᠤ ᠣᠮᠣᠭᠰᠢᠵᠤ᠂ ᠲᠡᠳᠡ ᠡᠬᠡ ᠤᠯᠤᠰ ᠲᠠᠭᠠᠨ ᠬᠠᠮᠤᠭ ᠤᠨ ᠴᠢᠩ ᠰᠡᠳᠬᠢᠯ ᠤᠨ ᠢᠷᠦᠭᠡᠯ  ᠵᠦᠩᠨᠡᠯ ᠲᠡᠪᠰᠢᠭᠦᠯᠦᠭᠰᠡᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠰᠦᠩ ᠰᠢᠶᠣᠣ ᠢᠦᠢ     ᠳ᠋ᠦᠩ ᠵᠢᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2