ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ | ᠪᠡᠭᠡᠵᠢᠩ ᠳᠤ ᠬᠤᠷᠠᠯᠳᠤᠪᠠ ᠰᠢ ᠶᠢᠨ ᠫᠢᠩ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ | | ᠰᠢ ᠶᠢᠨ ᠫᠢᠩ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ | ᠬᠦᠷᠲᠡᠭᠰᠡᠳ ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠬᠦᠴᠦᠷᠬᠡᠭᠵᠢᠪᠡᠯ ᠤᠯᠤᠰ ᠭᠦᠷᠤᠨ ᠬᠦᠴᠦᠷᠬᠡᠭᠵᠢᠨ᠎ᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠯ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠰᠢᠨ᠎ᠡ ᠬᠥᠳᠡᠯᠭᠡᠬᠦ ᠡᠨᠧᠷᠭᠢ ᠶᠢ ᠪ᠊ | ᠪᠤᠶᠢᠵᠢᠭᠤᠯᠬᠤ ᠳᠤ ᠲᠦᠰᠢᠭᠯᠡᠬᠦ ᠬᠡᠷᠡᠭᠲᠡᠢ᠃ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ | ᠪᠣᠳᠣᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠪᠣᠯᠣᠨ ᠦᠨᠳᠦᠰᠦᠨ ᠲᠤᠯᠭᠠᠭᠤᠷᠢᠯᠠᠬᠤ ᠦᠢᠯᠡᠳᠦᠯ ᠢ ᠭᠦᠢᠴᠡᠳ | ᠲᠠᠨᠢᠵᠤ᠂ 2035 ᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ | ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠣᠨ ᠨᠢᠭᠡᠳᠦᠯᠲᠡᠢ | ᠲᠥᠯᠥᠪᠵᠢᠭᠦᠯᠦᠨ ᠰᠦᠪᠡᠭᠴᠢᠯᠡᠬᠦ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠂ ᠯᠢ ᠴᠢᠶᠠᠩ ᠬᠤᠷᠠᠯ ᠢ | ᠡᠷᠭᠢᠯᠡᠵᠦ ᠳ᠋ᠢᠩ ᠰᠢᠤᠸᠠᠢ ᠰᠢᠶᠠᠩ ᠬᠥᠬᠢᠭᠦᠯᠦᠨ ᠱᠠᠩᠨᠠᠬᠤ ᠲᠣᠭᠲᠠᠭᠠᠯ ᠢ ᠤᠩᠰᠢᠨ ᠨᠡᠶᠢᠲᠡᠯᠡᠪᠡ ᠵᠤᠤ ᠯᠧ ᠵᠢᠢ | ᠸᠠᠩ ᠬᠤ᠋ ᠨᠢᠩ ᠼᠠᠢ ᠴᠢ ᠯᠢ ᠰᠢ ᠣᠷᠣᠯᠴᠠᠪᠠ᠃ | ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 24 ᠤ ᠴᠠᠭᠢᠯᠭᠠᠨ ᠮᠡᠳᠡᠭᠡ ᠪᠦᠭᠦ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ | ᠱᠠᠩᠨᠠᠬᠤ ᠶᠡᠭᠡ ᠬᠤᠷᠠᠯ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠨ ᠨᠢᠭᠡᠳᠦᠭᠡᠷ | ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ | ᠳᠣᠯᠣᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ 24 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ | ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ | ᠣᠷᠣᠯᠴᠠᠵᠤ᠂ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ | ᠬᠦᠷᠲᠡᠭᠰᠡᠳ ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠦᠴᠦᠷᠬᠡᠭᠵᠢᠪᠡᠯ | ᠤᠯᠤᠰ ᠭᠦᠷᠤᠨ ᠬᠦᠴᠦᠷᠬᠡᠭᠵᠢᠨ᠎ᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠯ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠰᠢᠨ᠎ᠡ ᠬᠥᠳᠡᠯᠭᠡᠬᠦ ᠡᠨᠧᠷᠭᠢ ᠶᠢ | ᠪᠤᠶᠢᠵᠢᠭᠤᠯᠬᠤ ᠳᠤ ᠲᠦᠰᠢᠭᠯᠡᠬᠦ ᠬᠡᠷᠡᠭᠲᠡᠢ᠃ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ | ᠪᠣᠳᠣᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠪᠣᠯᠣᠨ ᠦᠨᠳᠦᠰᠦᠨ ᠲᠤᠯᠭᠠᠭᠤᠷᠢᠯᠠᠬᠤ ᠦᠢᠯᠡᠳᠦᠯ ᠢ ᠭᠦᠢᠴᠡᠳ | ᠲᠠᠨᠢᠵᠤ᠂ 2035 ᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ | ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠣᠨ ᠨᠢᠭᠡᠳᠦᠯᠲᠡᠢ | ᠲᠥᠯᠥᠪᠵᠢᠭᠦᠯᠦᠨ ᠰᠦᠪᠡᠭᠴᠢᠯᠡᠬᠦ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 6 ᠰᠠᠷ᠎ᠠ ᠶᠢᠨ 24 ᠤ ᠡᠳᠦᠷ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠪᠠ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠨ ᠨᠢᠭᠡᠳᠦᠭᠡᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ | ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠳᠣᠯᠣᠳᠤᠭᠠᠷ ᠤᠳᠠᠭ᠎ᠠ ᠶᠢᠨ ᠠᠺᠠᠳᠧᠮᠢᠴᠢ ᠶᠢᠨ | ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠤᠷᠤᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ᠃ | | | | | | 6 ᠰᠠᠷ᠎ᠠ ᠶᠢᠨ 24 ᠤ ᠡᠳᠦᠷ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠪᠠ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠨ ᠨᠢᠭᠡᠳᠦᠭᠡᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ | ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠳᠣᠯᠣᠳᠤᠭᠠᠷ ᠤᠳᠠᠭ᠎ᠠ ᠶᠢᠨ ᠠᠺᠠᠳᠧᠮᠢᠴᠢ ᠶᠢᠨ | ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 2023 ᠣᠨ ᠤ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠱᠠᠩᠨᠠᠯ ᠢ ᠭᠥᠷᠳᠡᠭᠰᠡᠨ ᠦᠬᠠᠨ ᠶᠡᠭᠡ ᠰᠤᠷᠭᠠᠭᠤᠯᠢ ᠶᠢᠨ ᠯᠢ ᠳ᠋ᠧ ᠷᠧᠨ ᠠᠺᠠᠳᠧᠮᠢᠴᠢ ︵ | ᠪᠠᠷᠠᠭᠤᠨᠳᠡᠬᠢ︶ ᠪᠣᠯᠣᠨ ᠴᠢᠩᠬᠤᠸᠠ ᠶᠡᠭᠡ ᠰᠤᠷᠭᠠᠭᠤᠯᠢ ᠶᠢᠨ ᠰᠢᠤᠸᠠᠢ ᠴᠢ ᠺᠦᠨ ᠠᠺᠠᠳᠧᠮᠢᠴᠢ ︵ᠵᠡᠭᠦᠨᠳᠡᠬᠢ︶ ᠳᠤ ᠱᠠᠩᠨᠠᠯ | ᠭᠠᠷᠳᠠᠭᠤᠯᠵᠤ ᠪᠠᠶ᠋ᠢᠭ᠎ᠠ᠃ | ᠯᠢ ᠴᠢᠶᠠᠩ ᠶᠡᠭᠡ ᠬᠤᠷᠠᠯ ᠢ ᠡᠷᠭᠢᠯᠡᠵᠦ᠂ ᠳ᠋ᠢᠩ ᠰᠢᠤᠸᠠᠢ ᠰᠢᠶᠠᠩ ᠬᠥᠬᠢᠭᠦᠯᠦᠨ ᠱᠠᠩᠨᠠᠬᠤ ᠲᠣᠭᠲᠠᠭᠠᠯ ᠢ ᠤᠩᠰᠢᠨ | ᠨᠡᠶᠢᠲᠡᠯᠡᠵᠦ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ ᠣᠷᠣᠯᠴᠠᠪᠠ᠃ ᠦᠳᠡ ᠶᠢᠨ ᠡᠮᠦᠨᠡᠬᠢ 10 | ᠴᠠᠭ ᠲᠤ ᠶᠡᠭᠡ ᠬᠤᠷᠠᠯ ᠡᠬᠢᠯᠡᠪᠡ᠃ ᠴᠢᠯᠦᠭᠡᠯᠡᠬᠦ ᠴᠡᠷᠢᠭ ᠤᠨ ᠴᠡᠷᠢᠭ ᠤᠨ ᠬᠥᠭᠵᠢᠮ ᠤᠨ ᠪᠦᠯᠭᠦᠮ ︽ᠵᠢᠷᠤᠮ ᠤᠨ | ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢᠨ ᠠᠶ᠎ᠠ ᠶᠢ ᠬᠥᠭᠵᠢᠮᠳᠡᠵᠦ᠂ ᠲᠠᠯᠠᠪᠠᠢ ᠳᠠᠶᠠᠭᠠᠷ ᠪᠣᠰᠴᠤ ᠵᠣᠭᠰᠣᠨ | ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ ᠳ᠋ᠢᠩ ᠰᠢᠤᠸᠠᠢ ᠰᠢᠶᠠᠩ ︽2023 ᠣᠨ ᠤ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠲᠤᠬᠠᠢ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠪᠡ᠃ | ᠶᠣᠰᠣᠯᠠᠯ ᠤᠨ ᠪᠦᠷᠢᠶ᠎ᠡ ᠬᠠᠩᠭᠢᠨᠠᠪᠠ᠂ ᠰᠢ ᠶᠢᠨ ᠫᠢᠩ ᠡᠩ ᠲᠡᠷᠢᠭᠦᠨ ᠳᠤ 2023 ᠣᠨ ᠤ ᠤᠯᠤᠰ ᠤᠨ | ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠭᠥᠷᠳᠡᠭᠰᠡᠨ ᠦᠬᠠᠨ ᠶᠡᠭᠡ | ᠰᠤᠷᠭᠠᠭᠤᠯᠢ ᠶᠢᠨ ᠯᠢ ᠳ᠋ᠧ ᠷᠧᠨ ᠠᠺᠠᠳᠧᠮᠢᠴᠢ ᠪᠣᠯᠣᠨ ᠴᠢᠩᠬᠤᠸᠠ ᠶᠡᠭᠡ ᠰᠤᠷᠭᠠᠭᠤᠯᠢ ᠶᠢᠨ ᠰᠢᠤᠸᠠᠢ ᠴᠢ ᠺᠦᠨ | ᠠᠺᠠᠳᠧᠮᠢᠴᠢ ᠳᠤ ᠱᠠᠩᠨᠠᠯ ᠤᠨ ᠮᠧᠳᠠᠯ᠂ ᠦᠨᠡᠮᠯᠡᠯ ᠭᠠᠷᠳᠠᠭᠤᠯᠵᠤ᠂ ᠲᠡᠳᠡᠨ ᠲᠠᠢ ᠬᠠᠯᠠᠭᠤᠨ ᠢᠶᠠᠷ ᠭᠠᠷ ᠠᠳᠬᠤᠵᠤ ᠪᠠᠶᠠᠷ | ᠬᠦᠷᠭᠡᠵᠦ ᠪᠠᠶᠢᠬᠤ ᠪᠠᠨ ᠢᠯᠡᠳᠬᠡᠪᠡ᠃ ᠲᠠᠷᠠᠭ᠎ᠠ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ | ᠬᠠᠮᠤᠭ ᠤᠨ ᠳᠡᠭᠡᠳᠦ ᠱᠠᠩᠨᠠᠯ ᠭᠥᠷᠳᠡᠭᠰᠡᠨ ᠬᠤᠶᠠᠷ ᠬᠥᠮᠥᠨ ᠲᠠᠢ ᠬᠠᠮᠲᠤ ᠪᠠᠷ ᠤᠯᠤᠰ ᠤᠨ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠠᠪᠰᠢᠯᠳᠠ ᠶᠢᠨ ᠱᠠᠩᠨᠠᠯ ᠪᠣᠯᠣᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠭᠥᠷᠳᠡᠭᠰᠡᠨ ᠲᠥᠯᠥᠭᠡᠯᠡᠭᠴᠢ ᠳᠤ | ᠦᠨᠡᠮᠯᠡᠯ ᠭᠠᠷᠳᠠᠭᠤᠯᠪᠠ᠃ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ | ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ | ᠭᠡᠯᠪᠡᠷᠢ ᠶᠢᠨ ᠤᠯᠤᠰ ᠢ ᠲᠦᠷᠭᠡᠳᠬᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠳᠤᠷᠠᠳᠴᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠠᠬᠢᠭᠤᠯᠵᠤ᠂ ᠮᠠᠨ ᠤ | ᠤᠯᠤᠰ ᠤᠨ ᠰᠠᠭᠤᠷᠢ ᠬᠤᠰᠢᠭᠤᠷᠠᠯ ᠰᠤᠳᠤᠯᠭᠠᠨ ᠰᠢᠨ᠎ᠡ ᠰᠢᠪᠲᠤᠯᠤᠯᠲᠠ ᠲᠠᠢ ᠪᠣᠯᠵᠤ᠂ ᠪᠠᠶᠢᠯᠳᠤᠬᠤ ᠪᠣᠳᠣᠯᠭ᠎ᠠ ᠶᠢᠨ | ᠳᠡᠭᠡᠳᠦ ᠮᠡᠷᠭᠡᠵᠢᠯ ᠤᠨ ᠬᠦᠷᠢᠶ᠎ᠡ ᠴᠠᠷᠠᠭ᠎ᠠ ᠳᠤ ᠰᠢᠨ᠎ᠡ ᠳᠠᠪᠠᠯᠲᠠ ᠶᠢ ᠪᠡᠶᠡᠯᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠤᠯᠭᠠᠵᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠰᠢᠨ᠎ᠡ ᠪᠠᠶᠢᠲᠠᠯ ᠢ ᠨᠡᠭᠡᠭᠡᠵᠦ᠂ | ᠣᠯᠠᠨ ᠤᠯᠤᠰ ᠤᠨ ᠨᠡᠭᠡᠭᠡᠯᠲᠡᠲᠤ ᠬᠠᠮᠲᠤᠷᠠᠯᠴᠠᠭ᠎ᠠ ᠰᠢᠨ᠎ᠡ ᠠᠬᠢᠴᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ | ᠬᠥᠭᠵᠢᠯᠲᠡ ᠶᠢᠨ ᠦᠢᠯᠡᠳᠦᠯᠭᠡ ᠳᠤᠮᠳᠠ ᠪᠢᠳᠡ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠮᠠᠰᠢ ᠣᠯᠠᠨ ᠴᠢᠬᠤᠯᠠ ᠲᠤᠷᠰᠢᠯᠭ᠎ᠠ ᠶᠢ ᠬᠤᠷᠠᠮᠳᠤᠭᠤᠯᠪᠠ᠂ ᠭᠤᠣᠯᠳᠠᠭᠤ᠄ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ | ᠪᠠᠷᠢᠮᠲᠠᠯᠠᠵᠤ᠂ ︽ᠳᠥᠷᠪᠡ ᠳᠤ ᠬᠠᠨᠳᠤᠬᠤ︾ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ | ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠰᠠᠶᠢᠬᠠᠨ ᠣᠷᠴᠢᠯ ᠢ | ᠠᠬᠢᠭᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠭᠡᠭᠡᠯᠲᠡᠲᠤ ᠬᠠᠮᠲᠤᠷᠠᠯᠴᠠᠭ᠎ᠠ ᠪᠠᠷ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠶᠢ | ᠪᠠᠷᠢᠮᠲᠠᠯᠠᠨ᠎ᠠ᠃ ᠡᠳᠡᠭᠡᠷ ᠲᠤᠷᠰᠢᠯᠭ᠎ᠠ ᠶᠢ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠦᠢᠯᠡᠳᠦᠯᠭᠡ | ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠳᠡᠯᠡᠬᠡᠢ ᠵᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ | ᠲᠦᠷᠭᠡᠰᠦᠨ ᠰᠢᠷᠦᠭᠦᠰᠴᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ | ᠪᠣᠯᠣᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠪᠦᠭᠦ ᠪᠥᠮᠪᠥᠷᠴᠡᠭ ᠤᠨ ᠡᠮᠬᠢ ᠳᠢᠭᠯᠢᠮ ᠪᠣᠯᠣᠨ | ᠬᠥᠭᠵᠢᠯᠲᠡ ᠶᠢᠨ ᠪᠠᠶᠢᠷᠢᠰᠢᠯ ᠢ ᠭᠦᠨᠵᠡᠭᠡᠢ ᠲᠠᠭᠢᠨ ᠪᠦᠷᠢᠯᠳᠦᠭᠦᠯᠪᠡ᠃ ᠮᠠᠨ ᠤ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠳᠤ ᠪᠠᠰᠠ ᠵᠠᠷᠢᠮ ᠳᠤᠲᠠᠭᠤᠳᠠᠯ᠂ ᠪᠠᠭᠤᠷᠠᠢ ᠲᠠᠯ᠎ᠠ ᠣᠷᠣᠰᠢᠵᠤ | ᠪᠠᠶᠢᠨ᠎ᠠ ᠂ ᠡᠷᠬᠡᠪᠰᠢ ᠲᠤᠯᠭᠠᠮ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠥᠷᠢᠰᠦᠯᠳᠦᠭᠡᠨ ᠪᠠ ᠢᠷᠡᠭᠡᠳᠦᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠭᠡᠯᠪᠡᠷᠢ ᠶᠢᠨ ᠤᠯᠤᠰ ᠳᠠᠶᠠᠭᠠᠷᠴᠢᠯᠠᠬᠰᠠᠨ ᠪᠠᠶᠢᠭᠤᠯᠤᠮᠵᠢ ᠶᠢᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠨᠠᠮ ᠤᠨ ᠲᠥᠪ ᠬᠤᠷᠢᠶ᠎ᠠ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠲᠥᠪᠯᠡᠷᠡᠩᠭᠦᠢ | ᠨᠢᠭᠡᠳᠦᠯᠲᠡᠢ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠵᠣᠬᠢᠴᠠᠩᠭᠤᠢ ᠥᠨᠳᠥᠷ ᠪᠦᠲᠦᠮᠵᠢᠲᠡᠢ | ᠰᠢᠢᠳᠪᠦᠷᠢᠲᠦ ᠪᠣᠳᠣᠯᠭ᠎ᠠ ᠶᠢᠨ ᠵᠢᠯᠤᠭᠤᠳᠬᠤ ᠰᠢᠰᠲ᠋ᠧᠮ ᠪᠣᠯᠣᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠰᠢᠰᠲ᠋ᠧᠮ ᠢ | ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠲᠣᠬᠢᠷᠠᠭᠤᠯᠬᠤ ᠳᠤᠮᠳᠠᠬᠢ ᠵᠠᠬ᠎ᠠ | ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ | ᠨᠡᠩ ᠰᠠᠶᠢᠳᠤᠷ ᠪᠠᠳᠠᠷᠠᠭᠤᠯᠤᠨ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠵᠡᠷᠭᠡ ᠡᠯ᠎ᠡ ᠭᠤᠭᠴᠤᠭ᠎ᠠ ᠶᠢᠨ | ᠢᠳᠡᠪᠬᠢᠵᠢᠯ ᠢ ᠳᠠᠶᠢᠴᠢᠯᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠬᠠᠮᠲᠤ ᠪᠠᠷ | ᠠᠬᠢᠭᠤᠯᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠰᠤᠳᠤᠯᠭᠠᠨ ᠤ ᠵᠣᠬᠢᠶᠠᠨ | ᠪᠠᠶᠢᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠴᠢᠯᠦᠭᠡᠲᠡᠢ ᠪᠠᠷ ᠰᠦᠪᠡᠭᠴᠢᠯᠡᠬᠦ ᠶᠢ ᠵᠣᠷᠢᠭᠵᠢᠭᠤᠯᠵᠤ᠂ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠨᠳᠦᠰᠦ ᠪᠠ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯᠣᠨ ᠠᠵᠤ ᠦᠢᠯᠡᠰ ᠤᠨ | ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ | ᠪᠠᠶᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠶᠢ ᠨᠡᠮᠡᠭᠳᠡᠭᠦᠯᠵᠦ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ | ᠰᠢᠨ᠎ᠡ ᠮᠡᠷᠭᠡᠵᠢᠯ ᠢ ᠢᠳᠡᠪᠬᠢᠲᠡᠢ ᠠᠰᠢᠭᠯᠠᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ ᠬᠡᠷᠡᠭᠲᠡᠢ᠃ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ | ᠰᠠᠭᠤᠷᠢ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ | ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ ᠶᠢᠨ ᠠᠵᠢᠯ ᠢ | ᠰᠠᠶᠢᠳᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠶᠢ ᠴᠢᠩᠭᠠᠳᠬᠠᠬᠤ ᠬᠡᠷᠡᠭᠲᠡᠢ᠃ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠶᠢᠷᠢᠰᠢᠯ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ | ᠬᠠᠮᠢᠶᠠᠷᠤᠯᠲᠠ ᠶᠢ ᠰᠠᠶᠢᠵᠢᠷᠠᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠣᠷᠣᠭᠤᠯᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠯᠠᠭ᠎ᠠ ᠶᠢᠨ ᠵᠢᠮ᠎ᠡ ᠶᠣᠰᠣᠨ ᠳᠤ ᠨᠡᠶᠢᠴᠡᠬᠦ ᠲᠥᠷᠥᠯ ᠬᠤᠪᠢᠶᠠᠨ ᠦᠨᠡᠯᠡᠬᠦ ᠰᠢᠰᠲ᠋ᠧᠮ ᠪᠠ ᠰᠢᠯᠭᠠᠨ ᠬᠢᠨᠠᠬᠤ | ᠲᠣᠭᠲᠠᠴᠠ ᠶᠢ ᠲᠦᠷᠭᠡᠳᠬᠡᠨ ᠪᠦᠷᠢᠨᠰᠢᠭᠦᠯᠵᠦ᠂ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠦᠨ᠂ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ | ᠪᠠᠶᠢᠭᠤᠯᠤᠮᠵᠢ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨᠵᠢᠯᠡᠬᠦ ᠤᠬᠠᠭᠠᠨ | ᠰᠤᠷᠭᠠᠨ ᠬᠥᠮᠦᠵᠢᠯ ᠬᠠᠮᠵᠢᠯᠴᠠᠨ ᠬᠥᠮᠥᠨ ᠢ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠡᠪᠴᠢᠶ᠎ᠡ ᠪᠠᠷ ᠠᠤᠭ᠎ᠠ | ᠶᠡᠭᠡ᠂ ᠪᠦᠲᠦᠴᠡ ᠵᠣᠬᠢᠰᠲᠠᠢ᠂ ᠬᠡᠪ ᠪᠣᠯᠪᠠᠰᠤᠷᠠᠯ ᠰᠢᠯᠢᠳᠡᠭ ᠰᠢᠨ᠎ᠡ ᠶᠢ ᠡᠭᠦᠳᠬᠦ ᠭᠡᠯᠪᠡᠷᠢ ᠶᠢᠨ ᠴᠢᠳᠠᠪᠤᠷᠢᠲᠠᠨ ᠤ | ᠡᠩᠨᠡᠭᠡ ᠶᠢ ᠲᠦᠷᠭᠡᠨ ᠬᠥᠮᠥᠵᠢᠭᠦᠯᠬᠦ ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠤ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠴᠢᠳᠠᠪᠤᠷᠢᠲᠠᠨ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ | ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠬᠢᠷᠢ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠵᠤ᠂ ᠭᠠᠷᠮᠠᠭᠠᠢ | ᠢᠨᠵᠧᠨᠧᠷ᠂ ᠲᠣᠮᠣ ᠤᠯᠤᠰ ᠤᠨ ᠤᠷᠠᠨ ᠳᠠᠷᠬᠠᠨ᠂ ᠳᠡᠭᠡᠳᠦ ᠵᠡᠷᠭᠡ ᠶᠢᠨ ᠤᠷ᠎ᠠ ᠮᠡᠷᠭᠡᠵᠢᠯ ᠤᠨ ᠴᠢᠳᠠᠪᠤᠷᠢᠲᠠᠨ ᠢ | ᠬᠦᠴᠦᠯᠡᠨ ᠬᠥᠮᠥᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ | ᠬᠥᠮᠥᠵᠢᠭᠦᠯᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠭᠡᠨ | ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠠᠯᠤᠰ ᠭᠡᠳᠤ ᠶᠢᠨ ᠵᠣᠷᠢᠯᠲᠠ ᠲᠠᠢ᠂ ᠤᠯᠤᠰ ᠢᠶᠠᠨ | ᠬᠠᠶᠢᠷᠠᠯᠠᠵᠤ ᠬᠤᠪᠢ ᠨᠡᠮᠡᠷᠢ ᠦᠵᠡᠭᠦᠯᠭᠦ᠂ ᠰᠢᠨ᠎ᠡ ᠶᠢ ᠡᠭᠦᠳᠬᠦ ᠪᠠᠷ ᠵᠣᠷᠢᠭ ᠰᠢᠭᠤᠳᠬᠤ ᠶᠢ ᠵᠣᠷᠢᠭᠵᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠤᠶᠢᠯᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠨᠡᠭᠡᠭᠡᠯᠲᠡ ᠬᠢᠵᠦ ᠬᠠᠮᠲᠤᠷᠠᠯᠴᠠᠬᠤ ᠳᠤᠮᠳᠠ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠪᠡᠶᠡᠯᠡᠭᠦᠯᠬᠦ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠵᠠᠰᠠᠭ ᠤᠨ ᠣᠷᠳᠣᠨ ᠪᠣᠯᠣᠨ ᠠᠷᠠᠳ ᠤᠨ | ᠬᠤᠭᠤᠷᠣᠨᠳᠣᠭᠢ ᠰᠣᠯᠢᠯᠴᠠᠭ᠎ᠠ ᠬᠠᠮᠲᠤᠷᠠᠯᠴᠠᠭ᠎ᠠ ᠶᠢᠨ ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠵᠡᠷᠭᠡ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠡᠯ᠎ᠡ ᠤᠯᠤᠰ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠠᠮᠲᠤᠷᠠᠨ ᠪᠣᠭᠤᠮᠲᠠ ᠰᠢᠪᠲᠤᠯᠬᠤ ᠶᠢ ᠳᠡᠮᠵᠢᠬᠦ ᠬᠡᠷᠡᠭᠲᠡᠢ᠃ | ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠰᠦᠯᠵᠢᠶ᠎ᠡ ᠳᠤ ᠢᠳᠡᠪᠬᠢᠲᠡᠢ ᠠᠭᠤᠰᠤᠯᠴᠠᠵᠤ᠂ ᠪᠦᠭᠦ ᠪᠥᠮᠪᠥᠷᠴᠡᠭ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠭᠦᠨᠵᠡᠭᠡᠢ ᠣᠷᠣᠯᠴᠠᠵᠤ᠂ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠮᠥᠨ | ᠲᠥᠷᠥᠯᠬᠢᠲᠡᠨ ᠳᠤ ᠨᠡᠩ ᠰᠠᠶᠢᠳᠤᠷ ᠪᠤᠶᠠᠨ ᠦᠢᠯᠡᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠤᠶᠠᠷ ᠬᠦᠷᠢᠶᠡᠯᠡᠩ ᠤᠨ ᠠᠺᠠᠳᠧᠮᠢᠴᠢᠴᠤᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠰᠢᠭᠤᠷᠠᠯ ᠤᠨ ᠵᠠᠮ ᠨᠡᠭᠡᠭᠡᠭᠴᠢ᠂ ᠴᠢᠬᠤᠯᠠ ᠶᠡᠭᠡ ᠡᠭᠦᠷᠭᠡ ᠶᠢ ᠡᠭᠦᠷᠭᠡᠯᠡᠭᠴᠢ᠂ ᠵᠠᠯᠠᠭᠤ ᠴᠢᠳᠠᠪᠤᠷᠢᠲᠠᠨ ᠤ ᠦᠰᠦᠨ | ᠪᠤᠶ᠋ᠢᠵᠢᠯᠲᠠ ᠶᠢᠨ ᠳᠠᠭᠠᠭᠤᠯᠤᠭᠴᠢ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭᠠᠨ ᠤ ᠵᠢᠰᠢᠶ᠎ᠡ ᠦᠵᠡᠭᠦᠯᠦᠭᠴᠢ ᠪᠣᠯᠵᠤ᠂ | ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠳᠤ ᠲᠠᠭᠢᠨ ᠰᠢᠨ᠎ᠡ ᠭᠠᠪᠢᠶ᠎ᠠ | ᠪᠠᠶᠢᠭᠯᠤᠬᠤ ᠶᠢ ᠬᠦᠰᠡᠵᠦ ᠪᠠᠶᠢᠨ᠎ᠠ᠃ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ | ᠤᠬᠠᠮᠰᠠᠷ ᠠᠴᠠ ᠪᠠᠨ ᠡᠷᠳᠡᠮ ᠰᠢᠨᠵᠢᠯᠡᠭᠡᠨ ᠤ ᠬᠥᠭᠡᠭᠡᠴᠡᠯᠳᠦᠯ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠭᠤᠤ ᠶᠡᠭᠡ ᠦᠢᠯᠡᠰ ᠲᠤ ᠠᠭᠤᠰᠤᠯᠴᠠᠭᠤᠯᠵᠤ᠂ ᠴᠠᠭ ᠦᠶ᠎ᠡ ᠳᠤ | ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠳᠦᠮᠵᠢ ᠶᠢ ᠡᠭᠦᠳᠬᠦ ᠬᠡᠷᠡᠭᠲᠡᠢ᠃ | ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯ ᠢ | ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠦᠢᠯᠡᠴᠢᠯᠡᠭᠡ ᠪᠠᠲᠤᠯᠠᠭ᠎ᠠ ᠶᠢ ᠪᠦᠭᠦ | ᠬᠦᠴᠦᠨ ᠢᠶᠠᠷ ᠢᠶᠠᠨ ᠰᠠᠶᠢᠳᠤᠷ ᠬᠢᠬᠦ ᠬᠡᠷᠡᠭᠲᠡᠢ ᠭᠡᠵᠦ ᠢᠯᠡᠳᠬᠡᠪᠡ᠃ | ᠯᠢ ᠴᠢᠶᠠᠩ ᠶᠡᠭᠡ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠤᠶᠢᠷ᠎ᠠ ᠶᠢᠨ ᠵᠢᠯ ᠤᠨ ᠲᠤᠷᠰᠢᠬᠢ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠥᠭᠵᠢᠯᠲᠡ ᠶᠢᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠭᠦᠢᠴᠡᠳ ᠨᠤᠲᠠᠯᠠᠵᠤ᠂ ᠰᠢᠨ᠎ᠡ ᠴᠠᠭ ᠦᠶ᠎ᠡ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠴᠢᠬᠤᠯᠠ ᠲᠤᠷᠰᠢᠯᠭ᠎ᠠ ᠶᠢ ᠭᠦᠨᠵᠡᠭᠡᠢ | ᠳ᠋ᠦ᠋ᠩᠨᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠭᠤᠤ ᠶᠡᠭᠡ | ᠠᠬᠢᠴᠠ ᠳᠤᠮᠳᠠᠬᠢ ᠴᠢᠬᠤᠯᠠ ᠦᠢᠯᠡᠳᠦᠯ ᠢ ᠨᠠᠷᠢᠨ ᠲᠣᠳᠣᠷᠬᠠᠢ ᠥᠭᠦᠯᠡᠵᠦ᠂ ᠰᠢᠨ᠎ᠡ ᠪᠠᠶᠢᠳᠠᠯ ᠤᠨ ᠳᠣᠣᠷ᠎ᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠪᠴᠢᠯᠡᠨ ᠪᠠᠶᠢᠭᠤᠯᠬᠤ ᠶᠢᠨ ᠦᠨᠳᠦᠰᠦᠨ | ᠠᠭᠤᠯᠤᠭᠳᠠᠬᠤᠨ ᠪᠠ ᠭᠤᠣᠯ ᠡᠭᠦᠷᠭᠡ ᠶᠢ ᠰᠢᠰᠲ᠋ᠧᠮ ᠲᠠᠢ ᠪᠠᠷ ᠲᠤᠳᠤᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠰᠠᠶᠢᠳᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ | ᠵᠢᠭᠠᠪᠠ᠂ ᠭᠦᠨᠵᠡᠭᠡᠢ ᠰᠤᠷᠤᠯᠴᠠᠨ ᠤᠠᠶᠢᠯᠭᠠᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ | ᠃ ᠰᠢᠨ᠎ᠡ ᠠᠶᠠᠨ ᠳᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ | ᠪᠠᠶᠢᠭᠤᠯᠬᠤ ᠡᠭᠦᠷᠭᠡ ᠥᠩᠭᠡ ᠭᠡᠷᠡᠯᠲᠡᠢ᠂ ᠬᠠᠷᠢᠭᠤᠴᠠᠯᠭ᠎ᠠ ᠬᠦᠨᠳᠦ ᠶᠡᠭᠡ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠰᠠᠶᠢᠳᠤᠷ ᠬᠢᠬᠦ ᠤᠬᠠᠮᠰᠠᠷᠲᠤ ᠴᠢᠨᠠᠷ ᠪᠣᠯᠣᠨ | ᠡᠷᠡᠰ ᠪᠠᠲᠤ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠬᠤᠷᠠᠯ ᠳᠡᠭᠡᠷ᠎ᠡ ᠯᠢ ᠳ᠋ᠧ ᠷᠧᠨ ᠪᠣᠯᠣᠨ ᠰᠢᠤᠸᠠᠢ ᠴᠢ ᠺᠦᠨ ᠱᠠᠩᠨᠠᠯ ᠭᠥᠷᠳᠡᠭᠰᠡᠨ ᠪᠦᠭᠦ ᠬᠥᠮᠥᠰ ᠢ ᠲᠥᠯᠥᠭᠡᠯᠡᠨ | ᠦᠭᠡ ᠬᠡᠯᠡᠪᠡ᠃ | ᠬᠤᠷᠠᠯ ᠠᠴᠠ ᠡᠮᠦᠨ᠎ᠡ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠱᠠᠩᠨᠠᠯ ᠭᠥᠷᠳᠡᠭᠰᠡᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠭᠰᠠᠨ ᠪᠥᠭᠡᠳ ᠤᠯᠠᠨ ᠲᠠᠢ | ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ | ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠡᠭᠡ ᠬᠤᠷᠠᠯ ᠳᠤ | ᠣᠷᠣᠯᠴᠠᠪᠠ᠃ | ᠡᠯ᠎ᠡ ᠮᠤᠵᠢ ᠣᠷᠣᠨ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ | ᠭᠤᠣᠯ ᠬᠠᠷᠢᠭᠤᠴᠠᠯᠭᠠᠲᠠᠨ ᠨᠥᠬᠦᠳ᠂ ᠬᠤᠶᠠᠷ ᠬᠦᠷᠢᠶᠡᠯᠡᠩ ᠤᠨ ᠠᠺᠠᠳᠧᠮᠢᠴᠢ᠂ ᠬᠡᠰᠡᠭ ᠭᠠᠳᠠᠭᠠᠳᠤ ᠶᠢᠨ ᠠᠺᠠᠳᠧᠮᠢᠴᠢ᠂ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ ᠲᠥᠯᠥᠭᠡᠯᠡᠭᠴᠢ ᠵᠡᠷᠭᠡ 3000 | ᠰᠢᠬᠠᠮ ᠬᠥᠮᠥᠨ ᠶᠡᠭᠡ ᠬᠤᠷᠠᠯ ᠳᠤ ᠣᠷᠣᠯᠴᠠᠵᠠᠢ᠃ | 2023 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠳᠤ ᠨᠡᠶᠢᠲᠡ 250 | ᠲᠥᠷᠥᠯ ᠵᠦᠢᠯ ᠪᠠ 12 ᠨᠡᠷᠡᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠰᠢᠯᠭᠠᠷᠠᠭᠤᠯᠪᠠ | ᠃ ᠡᠭᠦᠨ ᠳᠤ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠦᠷᠲᠡᠭᠴᠢ 2 | ᠬᠥᠮᠥᠨ ᠪᠤᠶ︔ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ 49 ᠵᠦᠢᠯ ᠪᠠᠶᠢᠵᠦ᠂ ᠡᠭᠦᠨ ᠳᠤ | ᠨᠢᠭᠡᠳᠦᠭᠡᠷ ᠳᠡᠰ ᠤᠨ ᠱᠠᠩᠨᠠᠯ 1 ᠵᠦᠢᠯ᠂ ᠬᠤᠶᠠᠳᠤᠭᠠᠷ ᠳᠡᠰ ᠤᠨ ᠱᠠᠩᠨᠠᠯ 48 ᠵᠦᠢᠯ ᠪᠤᠢ︔ ᠤᠯᠤᠰ ᠤᠨ | ᠮᠡᠷᠭᠡᠵᠢᠯ ᠤᠨ ᠡᠭᠦᠳᠦᠯᠲᠡ ᠶᠢᠨ ᠱᠠᠩᠨᠠᠯ 62 ᠵᠦᠢᠯ ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 8 ᠵᠦᠢᠯ᠂ | ᠬᠤᠶᠠᠳᠤᠭᠠᠷ ᠳᠡᠰ ᠤᠨ ᠱᠠᠩᠨᠠᠯ 54 ᠵᠦᠢᠯ ᠪᠤᠢ︔ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠳᠠᠪᠰᠢᠯᠲᠠ ᠶᠢᠨ ᠱᠠᠩᠨᠠᠯ 139 ᠵᠦᠢᠯ ᠪᠠᠶᠢᠵᠦ᠂ ᠡᠭᠦᠨ ᠳᠤ ᠣᠨᠴᠠ ᠳᠡᠰ ᠤᠨ ᠱᠠᠩᠨᠠᠯ 3 ᠵᠦᠢᠯ᠂ ᠨᠢᠭᠡᠳᠦᠭᠡᠷ | ᠳᠡᠰ ᠤᠨ ᠱᠠᠩᠨᠠᠯ 16 ᠵᠦᠢᠯ᠂ ᠬᠤᠶᠠᠳᠤᠭᠠᠷ ᠳᠡᠰ ᠤᠨ ᠱᠠᠩᠨᠠᠯ 120 ᠵᠦᠢᠯ ᠪᠤᠢ︔ ᠭᠠᠳᠠᠭᠠᠳᠤ ᠶᠢᠨ 10 ᠲᠤᠰᠬᠠᠢ | ᠮᠡᠷᠭᠡᠵᠢᠯᠲᠡᠨ ᠳᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠣᠯᠭᠤᠪᠠ᠃ | ᠳᠡᠪᠰᠢᠭᠦᠯᠦᠭᠴᠢ᠄ ᠲᠡᠷᠭᠡᠯ | |