ᠳᠥᠷᠪᠡᠳ ᠬᠤᠰᠢᠭᠤᠨ ᠤ ᠵᠢᠢ ᠱᠧᠩ ᠲᠠᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ  ᠬᠡᠪ ᠵᠠᠩᠰᠢᠯ ᠢ ᠥᠭᠡᠷᠡᠴᠢᠯᠡᠵᠦ ᠰᠢᠨ᠎ᠡ ᠬᠡᠪ ᠰᠤᠷᠲᠠᠯ ᠢ ᠪᠣᠢ ᠪᠣᠯᠭᠠᠵᠤ ᠪᠣᠯᠪᠠᠰᠤᠨ ᠬᠡᠪ ᠰᠤᠷᠲᠠᠯ ᠢ ᠤᠷᠢᠳᠠᠪᠡᠷ ᠪᠡᠶᠡᠯᠡᠭᠦᠯᠦᠶ᠎ᠡ  ᠭᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/6/28
      ᠳᠥᠷᠪᠡᠳ ᠬᠤᠰᠢᠭᠤᠨ ᠤ ᠵᠢᠢ ᠱᠧᠩ ᠲᠠᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ  ᠬᠡᠪ ᠵᠠᠩᠰᠢᠯ ᠢ ᠥᠭᠡᠷᠡᠴᠢᠯᠡᠵᠦ ᠰᠢᠨ᠎ᠡ ᠬᠡᠪ ᠰᠤᠷᠲᠠᠯ ᠢ ᠪᠣᠢ ᠪᠣᠯᠭᠠᠵᠤ ᠪᠣᠯᠪᠠᠰᠤᠨ ᠬᠡᠪ ᠰᠤᠷᠲᠠᠯ ᠢ ᠤᠷᠢᠳᠠᠪᠡᠷ ᠪᠡᠶᠡᠯᠡᠭᠦᠯᠦᠶ᠎ᠡ  ᠭᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠦᠭᠰᠡᠨ           ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠠᠩ ᠳᠠᠳᠬᠠᠯ ᠢᠶᠠᠨ ᠬᠤᠪᠢᠷᠠᠭᠤᠯᠬᠤ 《 ᠰᠤᠷᠲᠠᠯ ᠤᠬᠠᠭᠤᠯᠤᠭᠴᠢ 》 《 ᠬᠤᠰᠢᠭᠤᠴᠢ ᠠᠵᠢᠯᠲᠠᠨ 》 ᠪᠣᠯᠬᠤ 《 ᠬᠢᠨᠠᠯᠲᠠ ᠲᠠᠯᠪᠢᠭᠴᠢ 》 ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠠᠶᠢᠯ ᠡᠷᠦᠬᠡ ᠳᠤ ᠬᠦᠷᠴᠦ᠂  ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠵᠠᠩ ᠳᠠᠳᠬᠠᠯ ᠢ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠢ 《 ᠦᠨᠳᠦᠰᠦ ᠤᠭᠰᠠᠭ᠎ᠠ ᠭᠠᠷᠬᠠᠬᠤ 》 ᠶᠢᠨ ᠲᠥᠯᠥᠭᠡ᠂ 2014 ᠣᠨ ᠤ 6 ᠰᠠᠷ᠎ᠠ ᠶᠢᠨ 26 ᠤ ᠦᠳᠡ ᠶᠢᠨ ᠡᠮᠦᠨ᠎ᠡ᠂ ᠵᠢᠢ ᠱᠧᠩ ᠲᠠᠢ ᠪᠠᠯᠭᠠᠰᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠠᠴᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ 《 ᠵᠠᠩ ᠳᠠᠳᠬᠠᠯ ᠢ ᠨᠡᠭᠦᠯᠭᠡᠨ ᠰᠢᠨ᠎ᠡ ᠬᠡᠪ ᠰᠤᠷᠲᠠᠯ ᠢ ᠪᠣᠢ ᠪᠣᠯᠭᠠᠵᠤ᠂ ᠪᠣᠯᠪᠠᠰᠤᠨ ᠬᠡᠪ ᠰᠤᠷᠲᠠᠯ ᠢ ᠬᠤᠰᠢᠭᠤᠴᠢ 》 ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃
6.26+1.jpg
      ᠠᠵᠢᠯᠯᠠᠭ᠎ᠠ ᠶᠢᠨ ᠳᠤᠮᠳᠠ᠂ ᠠᠬᠤᠢ ᠲᠠᠯᠠᠪᠠᠢ ᠳᠤ ᠲᠣᠭᠤᠷᠢᠨ ᠦᠵᠡᠬᠦ᠂ ᠭᠢᠯᠠᠰ ᠴᠡᠭ ᠬᠢᠬᠦ ᠠᠷᠭ᠎ᠠ ᠶᠢᠨ ᠲᠠᠶᠢᠯᠪᠤᠷᠢ ᠬᠢᠬᠦ ᠵᠡᠷᠭᠡ ᠬᠡᠯᠪᠡᠷᠢ ᠪᠠᠷ ᠳᠠᠮᠵᠢᠨ᠂ ᠵᠢᠢ ᠱᠧᠩ ᠲᠠᠢ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠢᠳᠡᠪᠬᠢᠲᠡᠢ ᠬᠥᠲᠥᠯᠦᠨ ᠵᠢᠯᠣᠭᠤᠳᠴᠤ ᠪᠠᠶᠢᠭᠠᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠣᠯᠠᠨ ᠲᠦᠮᠡᠨ ᠲᠠᠢ ᠨᠢᠭᠲᠡ ᠬᠠᠷᠢᠯᠴᠠᠬᠤ ᠳᠠᠪᠠᠭᠤᠯᠢᠭ ᠢ ᠨᠢ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ᠲᠠᠷᠢᠶᠠᠨ ᠭᠠᠵᠠᠷ ᠲᠤ ᠭᠦᠨᠵᠡᠭᠡᠶᠢᠷᠡᠨ ᠬᠡᠪ ᠵᠠᠩᠰᠢᠯ ᠢ ᠥᠭᠡᠷᠡᠴᠢᠯᠡᠬᠦ ᠶᠢ ᠤᠬᠠᠭᠤᠯᠵᠤ᠂ ᠵᠤᠵᠠᠭᠠᠳᠬᠠᠬᠤ ᠶᠢ ᠡᠷᠬᠢᠮᠯᠡᠨ᠂ ᠤᠷᠤᠭ ᠬᠤᠷᠢᠮ ᠢ ᠳᠥᠭᠦᠮ ᠲᠦᠳᠡ ᠡᠷᠬᠢᠯᠡᠵᠦ᠂ ᠬᠡᠪ ᠵᠠᠩᠰᠢᠯ ᠢ ᠥᠭᠡᠷᠡᠴᠢᠯᠡᠬᠦ ᠤᠬᠠᠭᠤᠯᠤᠭᠴᠢ ᠪᠣᠯᠬᠤ ᠶᠢ ᠰᠠᠨᠠᠭᠠᠴᠢᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 《 ᠵᠠᠩᠭᠢᠯᠠᠭ᠎ᠠ ᠶᠢᠨ ᠴᠥᠭᠡᠨ ᠲᠤᠭ᠎ᠠ 》 ᠶᠢᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠥᠨᠳᠥᠷ ᠦᠨ᠎ᠡ ᠪᠦᠬᠦᠢ ᠪᠡᠯᠡᠭ ᠤᠨ ᠵᠠᠰᠠᠯᠲᠠ᠂ ᠵᠠᠩ ᠳᠠᠳᠬᠠᠯ ᠢᠶᠠᠨ ᠬᠤᠪᠢᠷᠠᠭᠤᠯᠬᠤ ᠶᠢ ᠠᠬᠢᠭᠤᠯᠬᠤ ᠳᠤᠮᠳᠠ 《 ᠳᠠᠭᠠᠭᠤᠯᠤᠭᠴᠢ 》 ᠶᠢᠨ ᠦᠢᠯᠡᠳᠦᠯ ᠢ ᠪᠠᠳᠠᠷᠠᠭᠤᠯᠵᠤ᠂ ᠬᠡᠪ ᠵᠠᠩᠰᠢᠯ ᠢ ᠥᠭᠡᠷᠡᠴᠢᠯᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠪᠣᠳᠠᠲᠠᠢ ᠱᠠᠭᠠᠷᠳᠠᠯᠭ᠎ᠠ ᠶᠢ ᠲᠦᠷᠦᠭᠦᠯᠡᠨ ᠤᠬᠠᠭᠤᠯᠬᠤ ᠪᠠ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠪᠦᠷᠢᠯᠳᠦᠬᠦᠨ᠂ ᠲᠥᠷᠥᠯ ᠰᠠᠳᠤᠨ ᠢ ᠢᠳᠡᠪᠬᠢᠲᠡᠢ ᠪᠠᠷ ᠬᠥᠲᠥᠯᠦᠨ ᠵᠢᠯᠣᠭᠤᠳᠴᠤ ᠪᠠᠶᠢᠭᠠᠳ ᠥᠨᠳᠥᠷ ᠬᠡᠮᠵᠢᠶᠡᠨ ᠤ ᠪᠣᠭᠲᠣᠯᠠᠬᠤ ᠪᠡᠯᠡᠭ ᠬᠦᠷᠭᠡᠬᠦ᠂ ᠬᠠᠭᠤᠴᠢᠨ ᠶᠣᠰᠣ ᠪᠦᠳᠦᠭᠦᠯᠢᠭ ᠵᠠᠩ ᠳᠠᠳᠬᠠᠯ ᠢ ᠡᠰᠡᠷᠭᠦᠴᠡᠵᠦ᠂ ᠣᠯᠠᠨ ᠲᠦᠮᠡᠨ ᠳᠤ ᠦᠨᠡᠨ ᠬᠣ ᠦᠯᠢᠭᠡᠷ ᠳᠠᠭᠤᠷᠢᠶᠠᠯ ᠦᠵᠡᠭᠦᠯᠬᠦ ᠬᠡᠷᠡᠭᠲᠡᠢ᠃
6.26+2.jpg
6.26+3.jpg
      ᠵᠠᠩ ᠳᠠᠳᠬᠠᠯ ᠢ ᠥᠭᠡᠷᠡᠴᠢᠯᠡᠬᠦ ᠶᠠᠪᠤᠳᠠᠯ ᠤᠨ ᠥᠩᠭᠡᠨ ᠲᠠᠯ᠎ᠠ ᠨᠢ 《 ᠬᠠᠭᠤᠴᠢᠨ ᠳᠦᠷᠢᠮ 》 ᠢ ᠬᠤᠪᠢᠷᠠᠭᠤᠯᠬᠤᠶᠤᠮ᠂ ᠦᠨᠡᠨ ᠳᠡᠭᠡᠨ ᠪᠣᠯ ᠬᠥᠮᠦᠨ ᠤ ᠥᠷᠲᠡᠭ ᠤᠨ ᠦᠵᠡᠯᠲᠡ ᠶᠢ ᠬᠤᠪᠢᠷᠠᠭᠤᠯᠬᠤ ᠪᠣᠯᠤᠨ᠎ᠠ᠂ ᠡᠶᠢᠮᠦ ᠤᠴᠢᠷ‌‍ᠠ᠋ᠴᠠ ᠰᠠᠶ᠋ᠢ ᠣᠯᠠᠨ ᠲᠦᠮᠡᠨ ᠳᠤ ᠣᠶᠢᠷᠠᠲᠤᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠣᠯᠪᠠᠰᠤᠨ ᠦᠷ᠎ᠡ ᠶᠢ ᠣᠯᠠᠨ ᠲᠦᠮᠡᠨ ᠤ ᠰᠡᠳᠬᠢᠯ ᠳᠤ ᠣᠷᠣᠭᠤᠯᠬᠤ ᠬᠡᠷᠡᠭᠲᠡᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2