ᠢᠦᠢ ᠳ᠋ᠠᠢ ᠴᠢᠩ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/28
      ᠢᠦᠢ ᠳ᠋ᠠᠢ ᠴᠢᠩ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ           6 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ  ᠢᠦᠢ ᠳ᠋ᠠᠢ ᠴᠢᠩ ᠳᠥᠷᠪᠡᠳ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠲᠢᠶᠠᠨ ᠾᠧ ᠰᠤᠷᠭᠠᠭᠤᠯᠢ ᠳᠤ ᠭᠦᠨᠵᠡᠭᠡᠶᠢᠷᠡᠨ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠵᠤ᠂ ᠡᠯ᠎ᠡ ᠰᠤᠷᠭᠠᠭᠤᠯᠢ ᠶᠢᠨ ᠰᠤᠷᠤᠭᠴᠢ ᠡᠯᠰᠡᠬᠦ ᠠᠩᠭᠢ᠂ ᠪᠠᠭᠰᠢ ᠶᠢᠨ ᠡᠩᠨᠡᠭᠡ᠂ ᠰᠠᠭᠤᠷᠢ ᠲᠥᠬᠦᠭᠡᠷᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
6.26+1.jpeg
      ᠢᠦᠢ ᠳ᠋ᠠᠢ ᠴᠢᠩ ᠬᠡᠯᠡᠬᠦ ᠳᠡᠭᠡᠨ᠂ ᠰᠤᠷᠭᠠᠨ ᠬᠥᠮᠦᠵᠢᠯ ᠨᠢ ᠦᠢ ᠲᠦᠮᠡᠨ ᠠᠶᠢᠯ ᠥᠷᠭᠦᠳ ᠬᠤᠯᠪᠣᠭᠳᠠᠵᠤ ᠪᠠᠶᠢᠳᠠᠭ᠂ ᠪᠦᠬᠦ ᠬᠤᠰᠢᠭᠤ ᠪᠠᠷ ᠢᠶᠠᠨ ᠰᠤᠷᠭᠠᠨ ᠬᠥᠮᠦᠵᠢᠯ ᠤᠨ ᠪᠦᠬᠦ᠋ᠯᠡ ᠪᠠᠶᠢᠷᠢᠯᠠᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠡᠭᠦᠰᠦᠴᠡ ᠪᠠ ᠵᠣᠭᠰᠣᠴᠠ ᠪᠣᠯᠭᠠᠵᠤ᠂ ᠬᠥᠮᠦᠨ ᠤ ᠰᠡᠳᠬᠢᠯ ᠢ ᠨᠢᠭᠲᠡᠷᠠᠭᠤᠯᠤᠨ᠂ ᠴᠢᠳᠠᠪᠤᠷᠢᠲᠠᠨ ᠢ ᠬᠥᠮᠦᠵᠢᠭᠦᠯᠵᠦ᠂ ᠠᠷᠠᠳ ᠲᠦᠮᠡᠨ ᠳᠤ ᠪᠤᠶᠠᠨ ᠦᠢᠯᠡᠳᠴᠦ᠂ ᠠᠷᠠᠳ ᠣᠯᠠᠨ ᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠱᠠᠭᠠᠷᠳᠠᠯᠭ᠎ᠠ ᠶᠢ ᠪᠦᠬᠦ ᠬᠦᠴᠦᠨ ᠢᠶᠠᠷ ᠬᠠᠩᠭᠠᠬᠤ ᠬᠡᠷᠡᠭᠲᠡᠢ᠃ᠰᠡᠳᠬᠢᠴᠡ ᠶᠢᠨ ᠰᠢᠨ᠎ᠡ ᠶᠢ ᠡᠭᠦᠳᠴᠦ᠂ ᠦᠢᠯᠡᠳᠦᠯᠭᠡ ᠶᠢᠨ ᠰᠢᠨ᠎ᠡ ᠶᠢ ᠡᠭᠦᠳᠴᠦ᠂ ᠪᠠᠭᠰᠢ ᠶᠢᠨ ᠡᠩᠨᠡᠭᠡᠨ ᠤ ᠬᠡᠪ ᠴᠢᠨᠠᠷ ᠪᠣᠯᠤᠨ ᠵᠢᠭᠠᠨ ᠰᠤᠷᠭᠠᠬᠤ ᠶᠠᠰᠤ ᠴᠢᠨᠠᠷ ᠢ ᠲᠠᠰᠤᠷᠠᠯᠲᠠ ᠤᠶᠢᠭᠡᠢ ᠳᠡᠭᠡᠭᠰᠢᠯᠡᠭᠦᠯᠵᠦ᠂ ᠰᠤᠷᠭᠠᠭᠤᠯᠢ ᠶᠢᠨ ᠰᠢᠨ᠎ᠡ ᠶᠢ ᠡᠭᠦᠳᠴᠦ ᠬᠥᠭᠵᠢᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠰᠣᠶᠣᠯ ᠢ ᠤᠯᠠᠮ ᠨᠢᠭᠡ ᠠᠯᠬᠤᠮ ᠴᠡᠴᠡᠭᠯᠡᠭᠦᠯᠦᠨ ᠬᠥᠭᠵᠢᠭᠦᠯᠵᠦ᠂ ᠰᠤᠷᠤᠭᠴᠢᠳ ᠤᠨ ᠰᠤᠷᠤᠯᠴᠠᠬᠤ ᠳᠤᠷ᠎ᠠ ᠰᠣᠨᠢᠷᠬᠠᠯ᠂ ᠰᠢᠯᠢᠳᠡᠭ ᠳᠠᠳᠬᠠᠯ ᠵᠡᠷᠭᠡ ᠶᠢ ᠬᠥᠮᠦᠵᠢᠭᠦᠯᠬᠦ ᠲᠠᠯ᠎ᠠ ᠪᠠᠷ ᠢᠯᠡᠭᠦᠬᠡᠨ ᠬᠠᠶᠢᠨ ᠰᠦᠪᠡᠭᠴᠢᠯᠡᠯᠲᠡ ᠬᠢᠵᠦ᠂ ᠢᠯᠡᠭᠦᠬᠡᠨ ᠬᠦᠴᠦ ᠣᠷᠣᠭᠤᠯᠵᠤ᠂ ᠰᠤᠷᠤᠭᠴᠢᠳ ᠤᠨ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ 600 ᠬᠤᠪᠢ ᠶᠢᠨ ᠭᠠᠳᠠᠨ᠎ᠠ ᠰᠢᠪᠲᠤᠯᠤᠯᠲᠠ ᠶᠢ ᠪᠡᠶᠡᠯᠡᠭᠦᠯᠦᠭᠰᠡᠨ ᠨᠢ ᠣᠶᠢᠷ᠎ᠠ ᠶᠢᠨ 10 ᠵᠢᠯ ᠤᠨ ᠲᠤᠷᠰᠢᠬᠢ ᠬᠠᠮᠤᠭ ᠤᠨ ᠥᠨᠳᠥᠷ ᠬᠢᠷᠢ ᠪᠦᠲᠦᠮᠵᠢ ᠪᠣᠯᠤᠨ᠎ᠠ᠂ ᠢᠯᠠᠩᠭᠤᠶ᠎ᠠ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠣᠷᠣᠰ ᠬᠡᠯᠡᠨ ᠤ ᠵᠢᠭᠠᠨ ᠰᠤᠷᠭᠠᠯᠲᠠ ᠪᠠᠷ ᠳᠠᠮᠵᠢᠨ᠂ ᠰᠤᠷᠤᠭᠴᠢᠳ ᠤᠨ ᠬᠢᠷᠢ ᠪᠦᠲᠦᠮᠵᠢ ᠮᠡᠳᠡᠭᠳᠡᠮ᠎ᠡ ᠳᠡᠭᠡᠭᠰᠢᠯᠡᠵᠦ᠂ ᠣᠯᠠᠨ ᠢᠶᠠᠷ ᠢᠶᠠᠨ ᠶᠣᠰᠣ ᠰᠤᠷᠲᠠᠬᠤᠨ ᠢᠶᠠᠷ ᠬᠥᠮᠦᠰ ᠤᠨ ᠤᠭ ᠰᠠᠨᠠᠭ᠎ᠠ ᠶᠢ ᠶᠡᠷᠦ ᠮᠠᠷᠲᠠᠯ ᠦᠭᠡᠢ᠂ ᠠᠵᠢᠯ ᠢᠶᠠᠨ ᠬᠠᠶᠢᠷᠠᠯᠠᠬᠤ᠂ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠢᠷᠠᠭᠤ ᠠᠯᠳᠠᠷᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠤᠯᠠᠮ ᠨᠡᠮᠡᠭᠳᠡᠭᠦᠯᠵᠦ᠂ ᠳᠥᠷᠪᠡᠳ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠳᠤ ᠳᠠᠬᠢᠨᠲᠠ ᠰᠢᠨ᠎ᠡ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃
6.26+2.jpeg
     ᠬᠤᠰᠢᠭᠤᠨ ᠤ ᠤᠳᠤᠷᠢᠳᠤᠯᠭ᠎ᠠ ᠶᠠᠩ ᠯᠢᠦ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠤᠭᠰᠠᠨ ᠪᠠᠶᠢᠨ᠎ᠠ ᠃ ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2