ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ  ᠪᠠᠶᠢᠭ᠎ᠠ  ᠪᠢᠴᠢᠭ ᠮᠠᠲ᠋ᠧᠷᠢᠶᠠᠯ ᠢ ᠶᠠᠷᠢᠯᠴᠠᠪᠠ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/6/28
      ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ  ᠪᠠᠶᠢᠭ᠎ᠠ  ᠪᠢᠴᠢᠭ ᠮᠠᠲ᠋ᠧᠷᠢᠶᠠᠯ ᠢ ᠶᠠᠷᠢᠯᠴᠠᠪᠠ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ      ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 6 ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠰᠤᠳᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃          ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ 7 ᠰᠠᠷ᠎ᠠ ᠶᠢᠨ 15 ᠠᠴᠠ 18 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠭᠤᠯᠬᠤ ᠪᠠᠷ ᠲᠣᠭᠲᠠᠪᠠ᠃           ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ︽ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠤᠨ ᠨᠣᠣᠷᠠᠭ ᠤᠨ ᠲᠤᠬᠠᠢ ᠨᠠᠮ ᠤᠨ ᠳᠣᠲᠣᠨ᠎ᠠ ᠭᠠᠳᠠᠨᠠᠬᠢ ᠵᠣᠬᠢᠬᠤ ᠬᠡᠪᠴᠢᠶᠡᠨ ᠳᠤ ᠰᠠᠨᠠᠯ ᠬᠤᠷᠢᠶᠠᠭᠰᠠᠨ  ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ᠂ ᠲᠣᠰ ᠤᠳᠠᠭᠠᠨ ᠤ ᠬᠤᠷᠠᠯ ᠳᠤ ᠶᠠᠷᠢᠯᠴᠠᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ ᠳᠠᠷᠠᠭ᠎ᠠ ᠪᠢᠴᠢᠭ ᠮᠠᠲ᠋ᠧᠷᠢᠶᠠᠯ ᠤᠨ ᠨᠣᠣᠷᠠᠭ ᠢ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃          ᠬᠤᠷᠠᠯ ᠠᠴᠠ᠂ ᠡᠨᠡ ᠤᠳᠠᠭ᠎ᠠ ᠰᠠᠨᠠᠯ ᠬᠤᠷᠢᠶᠠᠬᠤ ᠳᠠᠭᠠᠨ ᠨᠠᠮ ᠤᠨ ᠳᠣᠲᠣᠭᠠᠳᠤ ᠶᠢᠨ ᠠᠷᠠᠳᠴᠢᠯᠠᠯ᠂ ᠤᠯᠡᠠ ᠤ ᠤᠶᠤᠨ ᠤᠬᠠᠭᠠᠨ ᠢ ᠲᠥᠪᠯᠡᠷᠡᠭᠦᠯᠬᠦ ᠰᠤᠷᠲᠠᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠲᠣᠭᠲᠠᠭᠠᠯ ᠤᠨ ᠨᠣᠣᠷᠠᠭ ᠢ ᠭᠦᠢᠴᠡᠳ ᠨᠤᠲᠠᠯᠠᠵᠠᠢ ᠭᠡᠵᠦ ᠵᠢᠭᠠᠵᠤ ᠭᠠᠷᠭᠠᠨ᠂ ᠲᠣᠭᠲᠠᠭᠠᠯ ᠤᠨ ᠨᠣᠣᠷᠠᠭ ᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ  ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠵᠠᠳᠠᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ  ᠭᠦᠨᠵᠡᠭᠡᠶᠢᠷᠡᠭᠦᠯᠬᠦ ᠶᠡᠷᠦᠩᠬᠡᠢ  ᠪᠠᠶᠢᠷᠢᠯᠠᠭᠤᠯᠤᠯᠲᠠ‌‍ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠰᠢᠨ᠎ᠡ ᠠᠶᠠᠨ ᠳᠤ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠤᠨ  ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠡᠦᠬᠡ ᠶᠢᠨ ᠰᠠᠨᠠᠭᠠᠴᠢᠯᠠᠭᠠᠲᠤ ᠴᠢᠨᠠᠷ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ  ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ ᠨᠡᠭᠡᠭᠡᠬᠦ ᠴᠢᠩᠭ᠎ᠠ ᠬᠠᠲᠠᠭᠤ ᠡᠷᠡᠰ ᠵᠣᠷᠢᠭ ᠢ ᠭᠦᠢᠴᠡᠳ ᠢᠯᠡᠷᠡᠭᠦᠯᠵᠡᠢ ᠭᠡᠵᠦ ᠦᠵᠡᠪᠡ᠃          ᠬᠤᠷᠠᠯ ᠠᠴᠠ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ  ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠪᠣᠯᠣᠨ᠎ᠠ᠃ 2035 ᠣᠨ ᠪᠤᠯᠬᠤ ᠳᠤ ᠥᠨᠳᠥᠷ ᠲᠦᠪᠰᠢᠨ ᠪᠦᠬᠦᠢ  ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ  ᠪᠠᠶᠢᠭᠤᠯᠤᠯ ᠢ ᠪᠦᠭᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠤᠨ  ᠪᠠᠶᠢᠭᠤᠯᠤᠯ ᠢ ᠨᠠᠩ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂  ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠲᠣᠰ ᠵᠠᠭᠤᠨ ᠤ ᠳᠤᠮᠳᠠᠴᠢ ᠪᠤᠯᠬᠤ ᠳᠤ  ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ  ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠵᠦ ᠴᠢᠬᠤᠯᠠᠴᠢᠯᠠᠪᠠ᠃       ᠬᠤᠷᠠᠯ ᠠᠴᠠ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ  ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦ᠋ᠩᠨᠡᠨ ᠬᠡᠷᠡᠭᠯᠡᠵᠦ᠂ ᠳᠣᠣᠷᠠᠬᠢ ᠵᠠᠷᠴᠢᠮ ᠢ ᠲᠤᠭᠤᠰᠢᠯᠠᠭᠤᠯᠬᠤ ᠬᠡᠷᠡᠭᠲᠡᠢ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠪᠦᠭᠦ ᠲᠠᠯ᠎ᠠ ᠶᠢ ᠶᠡᠷᠦᠩᠬᠡᠶ᠋ᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠭᠡᠷᠡᠭᠲᠡᠢ︔ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠬᠡᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠥᠭᠡᠷᠡᠴᠢᠯᠡᠯᠲᠡ ᠬᠠᠷᠢᠭᠤ ᠲᠤᠰᠬᠠᠯ ᠲᠠᠢ  ᠪᠠᠶᠢᠬᠤ ᠶᠢ ᠪᠠᠷᠢᠮᠲᠠᠯᠠᠵᠤ᠂ ᠥᠭᠡᠷᠡᠴᠢᠯᠡᠯᠲᠡ   ᠠᠷᠠᠳ ᠲᠦᠮᠡᠨ ᠤ ᠲᠥᠯᠥᠭᠡ᠂ ᠥᠭᠡᠷᠡᠴᠢᠯᠡᠯᠲᠡ ᠠᠷᠠᠳ ᠲᠦᠮᠡᠨ ᠳᠤ ᠲᠦᠰᠢᠭᠯᠡᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠪᠡᠶᠡᠯᠡᠭᠦᠯᠬᠦ ᠭᠡᠷᠡᠭᠳᠡᠢ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠢ  ᠭᠤᠶᠢᠪᠢᠰᠢ ᠦᠭᠡᠢ ᠪᠠᠷᠢᠮᠲᠠᠯᠠᠨ᠂ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠲᠠᠭᠠᠵᠤ᠂ ᠦᠢᠯᠡᠳᠦᠯᠭᠡ ᠶᠢᠨ ᠬᠥᠭᠵᠢᠯᠲᠡ ᠲᠠᠢ ᠵᠣᠬᠢᠴᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ  ᠳᠤᠪᠤᠶᠢᠯᠭᠠᠨ᠂ ᠰᠢᠨ᠎ᠡ ᠡᠭᠢᠯᠡᠯᠲᠡ ᠶᠢᠨ ᠴᠡᠭ ᠳᠡᠭᠡᠷ᠎ᠡ ᠤᠨᠤᠯ ᠤᠨ ᠰᠢᠨ᠎ᠡ ᠶᠢ ᠡᠭᠦᠳᠬᠦ᠂ ᠦᠢᠯᠡᠳᠦᠯᠭᠡ ᠶᠢᠨ ᠰᠢᠨ᠎ᠡ ᠶᠢ ᠡᠭᠦᠳᠬᠦ᠂ ᠳᠦᠷᠢᠮ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ ᠪᠠ ᠪᠤᠰᠤᠳ ᠡᠯ᠎ᠡ ᠲᠠᠯ᠎ᠠ ᠳᠤ ᠰᠢᠨ᠎ᠡ ᠶᠢ ᠡᠭᠦᠳᠬᠦ ᠶᠢ ᠠᠬᠢᠭᠤᠯᠬᠤ ᠭᠡᠷᠡᠭᠳᠡᠢ︔ ᠳᠦᠷᠢᠮ ᠤᠨ  ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠦᠵᠦ ᠲᠥᠯᠥᠪᠯᠡᠭᠡ ᠬᠢᠬᠦ᠂ ᠶᠡᠷᠦᠩᠬᠡᠢ ᠳᠤᠨᠢ ᠲᠥᠯᠥᠪᠵᠢᠭᠦᠯᠬᠦ᠂ ᠡᠪᠳᠡᠵᠦ  ᠪᠠᠶᠢᠭᠤᠯᠬᠤ ᠶᠢ ᠵᠡᠷᠭᠡ ᠪᠠᠷ ᠠᠳᠬᠤᠬᠤ᠂ ᠤᠷᠢᠳ ᠢᠶᠠᠷ ᠰᠢᠨ᠎ᠡ ᠶᠢ  ᠪᠠᠶᠢᠭᠤᠯᠤᠨ ᠳᠠᠷᠠᠭ᠎ᠠ ᠬᠠᠭᠤᠴᠢᠨ ᠢ ᠡᠪᠳᠡᠬᠦ ᠶᠢ ᠴᠢᠩᠭᠠᠳᠬᠠᠵᠤ᠂ ᠦᠨᠳᠦᠰᠦ ᠪᠤᠯᠬᠤ ᠳᠦᠷᠢᠮ ᠢ ᠪᠠᠬᠢᠵᠢᠭᠦᠯᠵᠦ᠂ ᠦᠨᠳᠦᠰᠦᠨ ᠳᠦᠷᠢᠮ ᠢ ᠲᠡᠭᠦᠯᠳᠡᠷᠵᠢᠭᠦᠯᠵᠦ᠂ ᠴᠢᠬᠤᠯᠠ ᠳᠦᠷᠢᠮ ᠤᠨ ᠰᠢᠨ᠎ᠡ ᠶᠢ ᠡᠭᠦᠳᠬᠦ ᠭᠡᠷᠡᠭᠳᠡᠢ︔ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠮ ᠳᠤ ᠥᠭᠡᠷᠡᠴᠢᠯᠡᠯᠲᠡ ᠶᠢ  ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠂ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠵᠦ᠂ ᠴᠢᠬᠤᠯᠠ ᠶᠡᠭᠡ ᠥᠭᠡᠷᠡᠴᠢᠯᠡᠯᠲᠡ ᠶᠢ ᠬᠠᠤᠯᠢ ᠶᠢᠨ ᠦᠨᠳᠦᠰᠦᠯᠡᠯ ᠲᠠᠢ ᠪᠤᠯᠭᠠᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠬᠠᠤᠯᠢ ᠴᠠᠭᠠᠵᠠ ᠶᠢᠨ ᠳᠦᠷᠢᠮ ᠪᠣᠯᠭᠠᠨ ᠳᠡᠭᠡᠭᠰᠢᠯᠡᠭᠦᠯᠭᠦ ᠭᠡᠷᠡᠭᠳᠡᠢ︔ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠠᠵᠤ ᠠᠬᠤᠢ ᠪᠠ  ᠨᠡᠶᠢᠭᠡᠮ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ᠂ ᠦᠷ᠎ᠡ ᠪᠦᠲᠦᠮᠵᠢ ᠪᠠ ᠲᠥᠪ ᠭᠤᠣᠯᠴᠢ᠂ ᠠᠮᠢᠵᠢᠷᠠᠯ ᠤᠨ ᠬᠦᠴᠦᠨ ᠪᠠ ᠡᠮᠬᠢ ᠳᠢᠭᠯᠢᠮ᠂ ᠬᠥᠭᠵᠢᠯᠲᠡ ᠪᠠ ᠠᠮᠤᠷ ᠲᠦᠪᠰᠢᠨ ᠵᠡᠷᠭᠡ ᠴᠢᠬᠤᠯᠠ ᠶᠡᠭᠡ ᠬᠠᠷᠢᠴᠠᠭ᠎ᠠ ᠶᠢ  ᠰᠠᠶᠢᠳᠤᠷ ᠰᠢᠢᠳᠪᠦᠷᠢᠯᠡᠵᠦ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃           ᠬᠤᠷᠠᠯ ᠠᠴᠠ᠂ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ  ᠭᠦᠨᠵᠡᠭᠡᠶᠢᠷᠡᠭᠦᠯᠬᠦ ᠳᠤ ᠡᠷᠬᠡᠪᠰᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ  ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ ᠪᠠᠷᠢᠮᠲᠠᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ  ᠨᠠᠶᠢᠳᠠᠪᠤᠷᠢᠵᠢᠭᠤᠯᠬᠤ ᠶᠢ  ᠰᠠᠶᠢᠳᠤᠷ ᠠᠳᠬᠤᠵᠤ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ  ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ᠳᠡᠪᠰᠢᠭᠦᠯᠦᠭᠴᠢ᠄  ᠲᠡᠷᠭᠡᠯ
 
ᠢᠷᠡᠯᠲᠡ᠄ ᠦᠪᠦᠷ ᠮᠤᠩᠭᠤᠯ  ᠤᠨ ᠵᠠᠰᠠᠭ  ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2