ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ | ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠵᠡᠷᠭᠡ ᠶᠢ ᠰᠣᠨᠣᠰᠪᠠ | | ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ | ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ | ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠰᠤᠳᠤᠯᠵᠤ᠂ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ ᠠᠵᠢᠯ ᠢ | ᠪᠠᠶᠢᠷᠢᠯᠠᠭᠤᠯᠤᠨ ᠴᠢᠩᠭᠠᠳᠬᠠᠵᠤ᠂ ︽ᠰᠣᠪᠢᠯᠠᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ | ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠵᠢᠯᠣᠭᠤᠳᠬᠤ ᠰᠠᠨᠠᠯ︾ ᠪᠣᠯᠤᠨ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ ︵ | ᠵᠠᠰᠠᠪᠤᠷᠢ ᠣᠷᠤᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠪᠠ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠦᠨ ᠯᠢ ᠴᠢᠶᠠᠩ 6 ᠳ᠋ᠤᠭᠠᠷ ᠰᠠᠷ᠎ᠠ ᠶᠢᠨ 26 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠠᠬᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠳᠠᠭᠠᠳᠤ | ᠪᠡᠯᠡ ᠶᠢ ᠠᠰᠢᠭᠯᠠᠬᠤ ᠠᠵᠢᠯ ᠢ ᠰᠤᠳᠤᠯᠵᠤ᠂ ᠮᠡᠷᠭᠡᠰᠢᠯᠳᠦ ᠴᠢᠳᠠᠪᠤᠷᠢᠲᠠᠨ ᠬᠥᠮᠦᠵᠢᠭᠦᠯᠬᠦ ᠪᠠᠨ ᠴᠢᠩᠭᠠᠳᠬᠠᠵᠤ | ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠬᠦ ᠠᠵᠢᠯ ᠢ ᠪᠠᠶᠢᠷᠢᠯᠠᠭᠤᠯᠵᠤ ︽ | ᠰᠣᠪᠢᠯᠠᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠠᠰᠠᠷᠠᠨ ᠰᠤᠪᠢᠯᠠᠬᠤ ᠦᠢᠯᠡᠴᠢᠯᠡᠭᠡ ᠶᠢ | ᠰᠢᠯᠢᠳᠡᠭᠵᠢᠭᠦᠯᠬᠦ ᠲᠤᠬᠠᠢ ᠵᠢᠯᠣᠭᠤᠳᠬᠤ ᠰᠠᠨᠠᠯ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠤᠭᠤᠯᠤᠭᠰᠠᠨ ᠲᠥᠰᠦᠯ︶︾ | ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠳᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠢ | ᠬᠤᠷᠠᠯᠳᠤᠭᠤᠯᠤᠭᠰᠠᠨ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠨ ᠠᠵᠢᠯᠯᠠᠭ᠎ᠠ ᠡᠷᠴᠢᠮᠲᠡᠢ᠂ | ᠦᠷ᠎ᠡ ᠪᠦᠲᠦᠮᠵᠢ ᠢᠯᠡᠷᠬᠡᠢ ᠪᠠᠶᠢᠵᠤ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ | ᠶᠡᠷᠦᠩᠬᠡᠢ ᠳᠤ ᠪᠠᠨ ᠦᠷᠭᠦᠯᠵᠢᠯᠡᠨ ᠰᠠᠶᠢᠵᠢᠷᠠᠪᠠ᠃ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠡᠭᠡ ᠬᠤᠷᠠᠯ ᠳᠡᠭᠡᠷ᠎ᠡ ᠪᠠᠶᠢᠷᠢᠯᠠᠭᠤᠯᠤᠭᠰᠠᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ | ᠰᠠᠶᠢᠳᠤᠷ ᠠᠳᠬᠤᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠤ ᠪᠦᠳᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠣᠬᠢᠷᠲᠤᠯ ᠢ ᠪᠠᠭᠠᠰᠬᠠᠬᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠬᠠᠮᠲᠤ ᠳᠤ ᠵᠠᠰᠠᠬᠤ ᠪᠠᠨ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ ᠪᠠᠷ | ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠳᠤᠷ ᠬᠢᠵᠦ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ | ᠲᠦᠷᠦ ᠶᠢᠨ ᠪᠤᠳᠤᠯᠭ᠎ᠠ ᠶᠢᠨ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠪᠣᠬᠢᠷᠲᠤᠯ ᠦᠭᠡᠢ | ᠳᠣᠣᠷ᠎ᠠ ᠨᠡᠭᠦᠷᠡᠰᠦᠲᠥ᠋ᠷᠥᠭᠴᠢᠲᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠡᠯᠡ | ᠣᠷᠣᠭᠤᠯᠤᠯᠲᠠ ᠶᠢᠨ ᠬᠡᠷᠡᠭᠯᠡᠭᠡᠨ ᠤ ᠥᠷᠭᠡᠳᠬᠡᠯ᠂ ᠬᠥᠭᠵᠢᠯᠲᠡ ᠶᠢᠨ ᠬᠥᠳᠡᠯᠭᠡᠬᠦ ᠬᠦᠴᠦᠨ ᠤ ᠨᠡᠮᠡᠭᠳᠡᠯ ᠯᠦᠭᠡ ᠨᠡᠩ | ᠰᠠᠶᠢᠳᠤᠷ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ | ᠲᠡᠶᠢᠰᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ | ᠳᠤᠮᠳᠠ ᠴᠢᠬᠤᠯᠠ ᠦᠢᠯᠡᠳᠦᠯ ᠦᠵᠡᠭᠦᠯᠬᠦ ᠳᠤ᠂ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠪᠠᠨ ᠡᠷᠴᠢᠮᠵᠢᠭᠦᠯᠵᠦ᠂ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠬᠡᠷᠡᠭᠲᠡᠢ᠃ | ᠭᠤᠣᠯᠳᠠᠯᠭ᠎ᠠ ᠲᠠᠢ ᠬᠦᠷᠢᠶᠡᠨ ᠳᠠᠬᠢ ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠵᠦ ᠂ ᠦᠢᠯᠡᠳᠬᠦ ᠦᠢᠯᠡᠰ ᠤᠨ | ᠬᠦᠷᠢᠶᠡᠨ ᠳᠤ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠪᠦᠬᠦᠨ ᠢ | ᠦᠭᠡᠶᠢᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠰᠢᠨ᠎ᠡ ᠨᠢᠭᠡ ᠡᠭᠡᠯᠵᠢ ᠶᠢᠨ ᠦᠢᠯᠡᠴᠢᠯᠡᠭᠡᠨ ᠤ ᠦᠢᠯᠡᠰ ᠤᠨ | ᠨᠡᠭᠡᠭᠡᠯᠳᠠ ᠶᠢ ᠥᠷᠭᠡᠳᠬᠡᠬᠦ ᠲᠤᠷᠰᠢᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠦᠯᠲᠡ ᠶᠢ ᠰᠢᠯᠢᠳᠡᠭᠵᠢᠭᠦᠯᠵᠦ᠂ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ | ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠪᠡᠯᠡ | ᠣᠷᠣᠭᠤᠯᠤᠯᠲᠠ ᠵᠡᠷᠭᠡ ᠳᠤ ᠣᠷᠣᠯᠴᠠᠬᠤ ᠶᠢ ᠨᠢᠭᠡ ᠯᠡ ᠠᠳᠠᠯᠢ ᠪᠠᠷ ᠳᠡᠮᠵᠢᠬᠦ ᠬᠡᠷᠡᠭᠲᠡᠶ᠃ ᠪᠠᠯᠠ ᠣᠷᠣᠭᠤᠯᠬᠤ ᠳᠤ | ᠳᠦᠭᠦᠮᠯᠡᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ | ᠬᠦᠷᠢᠶᠡᠨ ᠳᠠᠬᠢ ᠭᠠᠳᠠᠭᠠᠳᠤ ᠪᠡᠯᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠭᠠᠶᠢᠯᠢ ᠦᠭᠡᠢ ᠰᠡᠯᠪᠢᠨ | ᠵᠠᠰᠠᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠥᠷᠭᠡᠳᠬᠡᠵᠦ᠂ ᠦᠢᠯᠡᠴᠢᠯᠡᠭᠡᠨ ᠤ | ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ ︽ᠳᠤᠮᠳᠠᠳᠤ ᠤᠯᠤᠰ ᠤᠨ ᠪᠡᠯᠡ | ᠣᠷᠤᠭᠤᠯᠤᠯᠲᠠ︾ ᠲᠦᠷᠦᠯ ᠲᠡᠮᠲᠡᠭᠲᠦ ᠶᠢ ᠪᠣᠶ ᠪᠣᠯᠭᠠᠵᠤ᠂ ᠵᠠᠰᠠᠪᠤᠷᠢ ᠣᠷᠤᠭᠤᠯᠤᠭᠰᠠᠨ ᠰᠢᠨ᠎ᠡ ᠬᠡᠪᠯᠡᠯ ᠤᠨ ︽ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ︾ ᠢ | ᠨᠡᠶᠢᠳᠡᠯᠡᠵᠦ᠂ ᠭᠠᠳᠠᠭᠠᠳᠤ ᠶᠢᠨ ᠬᠠᠷᠢᠶᠠᠲᠤ ᠶᠢᠨ ᠠᠵᠢᠯ ᠳᠤ ᠳᠦᠭᠦᠮᠯᠡᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠦ | ᠵᠢᠭᠠᠵᠤ ᠭᠠᠷᠭᠠᠪᠠ᠃ | ᠬᠤᠷᠠᠯ ᠳᠤ᠂ ᠮᠡᠷᠭᠡᠰᠢᠯᠲᠦ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠬᠤ ᠪᠦᠲᠦᠴᠡ ᠶᠢᠨ ᠴᠢᠨᠠᠷᠲᠠᠢ ᠠᠵᠢᠯ | ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠳᠤ | ᠲᠦᠢᠯ ᠤᠨ ᠴᠢᠬᠤᠯᠠ ᠶᠤᠮ᠃ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ | ᠵᠠᠬ᠎ᠠ ᠳᠡᠯᠭᠡᠭᠦᠷ ᠤᠨ ᠰᠤᠳᠤᠯᠭᠠᠨ ᠢ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠠᠯ ᠤᠨ ᠵᠣᠯᠭᠠᠯᠴᠠᠭ᠎ᠠ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠤᠮᠰᠠ᠂ ᠠᠵᠤ ᠠᠬᠤᠶᠢᠯᠠᠯ ᠤᠨ ᠪᠠᠴᠢᠮ | ᠬᠡᠷᠡᠭᠴᠡᠭᠡ ᠲᠠᠢ ᠮᠡᠷᠭᠡᠰᠢᠯᠲᠦ ᠴᠢᠳᠠᠪᠤᠷᠢᠲᠠᠨ ᠢ ᠨᠡᠩ ᠤᠯᠠᠨ ᠬᠥᠮᠦᠵᠢᠭᠦᠯᠬᠦ ᠬᠡᠷᠡᠭᠲᠡᠢ᠃ ᠳᠡᠮᠵᠢᠬᠦ ᠲᠦᠷᠦ ᠶᠢᠨ | ᠪᠤᠳᠤᠯᠭ᠎ᠠ ᠪᠠᠨ ᠡᠷᠴᠢᠮᠵᠢᠭᠦᠯᠵᠦ᠂ ᠪᠣᠯᠪᠠᠰᠤᠷᠠᠯ ᠤᠨ ᠨᠥᠬᠦᠪᠥᠷᠢ ᠵᠡᠷᠭᠡ ᠪᠡᠯᠡ ᠮᠥᠩᠭᠦ ᠶᠢ ᠰᠠᠶᠢᠳᠤᠷ ᠬᠡᠷᠡᠭᠯᠡᠵᠦ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠦᠰ ᠲᠤ ᠴᠢᠭᠯᠡᠭᠦᠯᠦᠨ | ᠠᠵᠢᠯ ᠣᠯᠭᠤᠬᠤ ᠦᠢᠯᠡᠴᠢᠯᠡᠭᠡ ᠪᠠᠨ ᠴᠢᠩᠭᠠᠷᠠᠭᠤᠯᠵᠤ᠂ ᠤᠷᠢᠵᠤ ᠡᠯᠰᠡᠬᠦ ᠲᠠᠪᠴᠠᠩ᠂ ᠴᠢᠳᠠᠪᠤᠷᠢᠲᠠᠨ ᠤ ᠵᠠᠬ᠎ᠠ | ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ᠬᠥᠮᠦᠨ ᠪᠠ ᠠᠵᠢᠯ ᠤᠨ ᠪᠠᠶᠢᠷᠢ ᠶᠢᠨ ᠵᠣᠬᠢᠴᠠᠯ᠂ ᠬᠠᠩᠭᠠᠯᠭ᠎ᠠ | ᠬᠡᠷᠡᠭᠴᠡᠭᠡᠨ ᠤ ᠵᠣᠬᠢᠴᠠᠯ ᠢ ᠨᠡᠩ ᠰᠠᠶᠢᠳᠤᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠤ᠂ ᠰᠣᠪᠢᠯᠠᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠠᠰᠠᠷᠠᠨ | ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ᠠᠷᠠᠳ ᠣᠯᠠᠨ ᠤ ᠣᠯᠠᠨ ᠶᠠᠩᠵᠤ ᠶᠢᠨ ᠡᠮᠴᠢᠯᠡᠭᠡᠨ ᠤ | ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠳᠤᠷ ᠬᠠᠩᠭᠠᠬᠤ ᠴᠢᠬᠤᠯᠠ ᠠᠷᠭ᠎ᠠ ᠬᠡᠮᠵᠢᠶ᠎ᠡ ᠮᠥᠨ᠃ | ᠰᠤᠪᠢᠯᠠᠭᠴᠢ ᠶᠢᠨ ᠠᠵᠢᠯ ᠮᠡᠷᠭᠡᠵᠢᠯ ᠤᠨ ᠲᠠᠲᠠᠬᠤ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠴᠠᠯᠢᠩ ᠬᠥᠯᠥᠰᠥ᠂ | ᠣᠷᠣᠨ ᠲᠤᠭ᠎ᠠ᠂ ᠮᠡᠷᠭᠡᠵᠢᠯ ᠤᠨ ᠴᠣᠯᠠ ᠳᠡᠪᠰᠢᠬᠦ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠣᠷᠣᠨ ᠲᠤᠭ᠎ᠠ ᠶᠢᠨ ᠳᠣᠲᠣᠷ᠎ᠠ ᠭᠠᠳᠠᠨᠠᠬᠢ ᠠᠳᠠᠯᠢ ᠠᠵᠢᠯ ᠳᠤ ᠠᠳᠠᠯᠢ ᠬᠥᠯᠥᠰᠥ ᠣᠯᠭᠤᠮᠵᠢ ᠣᠯᠭᠤᠬᠤ ᠶᠢ | ᠨᠠᠶᠢᠳᠠᠪᠤᠷᠢᠵᠢᠭᠤᠯᠵᠤ ᠨᠠᠩ ᠣᠯᠠᠨ ᠴᠢᠳᠠᠪᠤᠷᠢᠲᠠᠨ ᠢ ᠲᠡᠳᠡᠨ ᠠᠪᠴᠢᠷᠠᠬᠤ ᠪᠦᠭᠡᠳ ᠠᠰᠠᠷᠠᠨ ᠰᠤᠪᠢᠯᠠᠬᠤ ᠠᠵᠢᠯ ᠢ | ᠲᠣᠭᠲᠠᠭᠤᠨ ᠢᠶᠠᠷ ᠬᠢᠯᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ | ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠨ᠂ ᠬᠠᠤᠯᠢ | ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠠᠵᠢᠯ ᠢ ᠰᠠᠶᠢᠳᠤᠷ ᠬᠢᠵᠦ᠂ ᠳᠠᠯᠳᠠ ᠬᠡᠮ ᠢ ᠴᠠᠭ ᠲᠤᠬᠠᠶ ᠳᠤ | ᠠᠷᠢᠯᠭᠠᠵᠤ᠂ ᠠᠯᠳᠠᠰᠢ ᠭᠠᠷᠬᠤ ᠶᠢ ᠬᠤᠷᠢᠭᠯᠠᠵᠤ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠡᠭᠦᠰᠬᠦ ᠶᠢ ᠴᠢᠩᠭ᠎ᠠ | ᠰᠡᠷᠭᠡᠶᠢᠯᠡᠬᠦ ᠬᠡᠷᠡᠭᠲᠡᠶ᠃ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠲᠦᠷᠢᠮ ᠤᠨ ᠲᠠᠶᠢᠯᠤᠮᠵᠢ ᠬᠢᠵᠦ ᠬᠥᠲᠥᠯᠥᠨ | ᠵᠢᠯᠣᠭᠤᠳᠬᠤ ᠶᠢ ᠴᠢᠩᠭᠠᠳᠬᠠᠵᠤ᠂ ᠤᠯᠤᠰ ᠤᠨ ᠨᠢᠭᠤᠴᠠ ᠶᠢ ᠤᠬᠠᠮᠰᠠᠷ ᠠᠴᠠ ᠪᠠᠨ ᠬᠠᠮᠠᠭᠠᠯᠠᠬᠤ ᠰᠠᠶᠢᠨ ᠰᠠᠶᠢᠬᠠᠨ | ᠪᠠᠶᠢᠳᠠᠯ ᠢ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠬᠤᠷᠠᠯ ᠳᠡᠭᠡᠷ᠎ᠡ ᠪᠠᠰᠠ ᠪᠤᠰᠤᠳ ᠵᠦᠢᠯ ᠢ | ᠰᠤᠳᠤᠯᠵᠠᠢ᠃ | ᠳᠡᠪᠰᠢᠭᠦᠯᠦᠭᠴᠢ᠄ ᠲᠡᠷᠭᠡᠯ | |