ᠰᠤᠷᠭᠠᠨ ᠬᠥᠮᠦᠵᠢᠯ ᠢ ᠬᠥᠭᠵᠢᠭᠦᠯᠦᠨ ᠲᠤᠰᠠᠯᠠᠬᠤ ᠠᠵᠢᠯᠯᠠᠭ᠎ᠠ ᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2024/6/4
      ᠰᠤᠷᠭᠠᠨ ᠬᠥᠮᠦᠵᠢᠯ ᠢ ᠬᠥᠭᠵᠢᠭᠦᠯᠦᠨ ᠲᠤᠰᠠᠯᠠᠬᠤ ᠠᠵᠢᠯᠯᠠᠭ᠎ᠠ ᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠭᠰᠠᠨ                  ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠬᠤᠰᠢᠭᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠤᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ ᠰᠤᠷᠭᠠᠨ ᠬᠥᠮᠦᠵᠢᠯ ᠢ ᠬᠥᠭᠵᠢᠭᠦᠯᠦᠨ ᠲᠤᠰᠠᠯᠠᠬᠤ  ᠠᠵᠢᠯᠯᠠᠭ᠎ᠠ ᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠭᠰᠠᠨ  ᠪᠠᠶᠢᠨ᠎ᠠ ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠥᠪᠥᠷ ᠮᠣᠩᠭᠤᠯ ᠱᠠᠨᠳᠦ᠋ᠩ ᠤᠨ ᠬᠤᠳᠠᠯᠳᠤᠭᠠᠨ ᠤ ᠨᠡᠶᠢᠭᠡᠮᠯᠢᠭ ᠤᠨ ᠳᠠᠷᠤᠭ᠎ᠠ ᠭᠦᠸᠧ ᠵᠢᠶᠠᠨ ᠵᠢᠶᠦ᠋ᠨ᠂ ᠬᠤᠨᠠᠨ ᠮᠣᠵᠢ ᠶᠢᠨ ᠱᠠᠨᠳᠦ᠋ᠩ ᠬᠤᠳᠠᠯᠳᠤᠭᠠᠨ ᠤ ᠨᠡᠶᠢᠭᠡᠮᠯᠢᠭ᠂ ᠬᠤᠨᠠᠨ ᠤ ᠬᠠᠢ ᠲᠦᠩ ᠣᠶᠤᠨᠴᠢ ᠰᠤᠷᠭᠠᠨ ᠬᠥᠮᠦᠵᠢᠯ ᠰᠢᠨᠵᠢᠯᠡᠬᠦ ᠮᠡᠷᠭᠡᠵᠢᠯ ᠤᠨ ᠶᠡᠷᠦᠩᠬᠡᠢ ᠳᠠᠭᠠᠭᠠᠮᠠᠯ ᠵᠠᠩ ᠶᠦᠩ ᠴᠢᠶᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠳᠡᠳ᠋ ᠳᠠᠷᠤᠭ᠎ᠠ ᠶᠠᠩ ᠯᠢᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠭᠤᠸ᠎ᠠ ᠵᠡᠷᠭᠡ ᠤᠳᠤᠷᠢᠳᠤᠯᠭ᠎ᠠ ᠨᠠᠷ ᠠᠵᠢᠯᠯᠠᠭ᠎ᠠ ᠳᠤ  ᠤᠷᠤᠯᠴᠠᠭᠰᠠᠨ  ᠪᠠᠶᠢᠨ᠎ᠠ᠃        ᠠᠵᠢᠯᠯᠠᠭ᠎ᠠ ᠳᠤᠮᠳᠠ᠂ ᠥᠪᠥᠷ ᠮᠣᠩᠭᠤᠯ ᠱᠠᠨᠳᠦ᠋ᠩ ᠤᠨ ᠬᠤᠳᠠᠯᠳᠤᠭᠠᠨ ᠤ ᠨᠡᠶᠢᠭᠡᠮᠯᠢᠭ᠂ ᠬᠤᠨᠠᠨ ᠮᠣᠵᠢ ᠶᠢᠨ ᠱᠠᠨᠳᠦ᠋ᠩ ᠬᠤᠳᠠᠯᠳᠤᠭᠠᠨ ᠤ ᠨᠡᠶᠢᠭᠡᠮᠯᠢᠭ ᠠᠴᠠ ᠳᠥᠷᠪᠡᠳ ᠬᠤᠰᠢᠭᠤᠨ ᠳᠤ 100 ᠲᠦᠮᠡᠨ ᠲᠥᠭᠦᠷᠢᠭ ᠤᠨ ᠥᠷᠲᠡᠭ ᠪᠦᠬᠦᠢ ᠳᠤᠮᠳᠠᠳᠤ ᠪᠠᠭ᠎ᠠ ᠰᠤᠷᠭᠠᠭᠤᠯᠢ ᠶᠢᠨ ᠨᠡᠶᠢᠲᠡ ᠶᠢᠨ ᠠᠰᠠᠷᠠᠮᠵᠢ ᠶᠢᠨ ᠬᠢᠴᠢᠶᠡᠯ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠰᠢᠰᠲ᠋ᠧᠮ᠂ ᠵᠢᠯᠣᠭᠤᠴᠢ ᠦᠭᠡᠢ ᠨᠢᠰᠬᠡᠯ ᠵᠡᠷᠭᠡ ᠮᠡᠳᠡᠭᠡ ᠵᠠᠩᠭᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠪᠣᠯᠤᠨ ᠪᠡᠯᠡ ᠮᠥᠩᠭᠦ ᠬᠠᠨᠳᠢᠪᠯᠠᠵᠤ᠂ ᠳᠥᠷᠪᠡᠳ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠳᠡᠮᠵᠢᠯᠭᠡ  ᠬᠠᠩᠭᠠᠭᠠᠭᠰᠠᠨ  ᠪᠠᠶᠢᠨ᠎ᠠ ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠴᠧᠨ ᠯᠢᠨ    ᠳ᠋ᠦᠩ ᠵᠢᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2