ᠢᠦᠢ ᠳ᠋ᠠᠢ ᠴᠢᠩ᠂ ᠬᠤᠪᠴᠠᠰᠤᠨ ᠤ ᠦᠢᠯᠡᠳᠪᠦᠷᠢ ᠶᠢᠨ ᠦᠢᠯᠡᠳᠪᠦᠷᠢᠯᠡᠯ ᠤᠨ ᠱᠤᠭᠤᠮ ᠤᠨ  ᠠᠵᠢᠯ ᠤᠨ ᠪᠠᠶᠢᠳᠠᠯ ᠳᠤ  ᠲᠤᠭᠤᠷᠢᠨ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2024/6/4
      ᠢᠦᠢ ᠳ᠋ᠠᠢ ᠴᠢᠩ᠂ ᠬᠤᠪᠴᠠᠰᠤᠨ ᠤ ᠦᠢᠯᠡᠳᠪᠦᠷᠢ ᠶᠢᠨ ᠦᠢᠯᠡᠳᠪᠦᠷᠢᠯᠡᠯ ᠤᠨ ᠱᠤᠭᠤᠮ ᠤᠨ  ᠠᠵᠢᠯ ᠤᠨ ᠪᠠᠶᠢᠳᠠᠯ ᠳᠤ  ᠲᠤᠭᠤᠷᠢᠨ ᠪᠠᠶᠢᠴᠠᠭᠠᠯᠲᠠ ᠬᠢᠭᠰᠡᠨ                  ᠣᠶᠢᠷ᠎ᠠ ᠶᠢᠨ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠬᠤᠪᠴᠠᠰᠤᠨ ᠤ ᠦᠢᠯᠡᠳᠪᠦᠷᠢ ᠶᠢᠨ ᠳᠠᠪᠲᠠᠨ ᠪᠣᠯᠪᠠᠰᠤᠷᠠᠭᠤᠯᠬᠤ ᠦᠢᠯᠡᠳᠪᠦᠷᠢ ᠶᠢᠨ ᠲᠣᠭᠤᠷᠢᠭ ᠲᠤ᠂ ᠠᠵᠢᠯᠲᠠᠳ ᠤᠨ ᠪᠣᠯᠪᠠᠰᠤᠷᠠᠯ ᠂ ᠬᠤᠪᠴᠠᠰᠤ ᠬᠤᠨᠠᠷ ᠬᠢᠬᠦ᠂ ᠠᠵᠢᠯ ᠣᠯᠭᠤᠯᠲᠠ ᠶᠢᠨ ᠨᠥᠬᠦᠪᠥᠷᠢ ᠵᠡᠷᠭᠡ ᠪᠠᠶᠢᠳᠠᠯ ᠳᠤ  ᠲᠤᠭᠤᠷᠢᠨ  ᠪᠠᠶᠢᠴᠠᠭᠠᠯᠲᠠ  ᠬᠢᠭᠰᠡᠨ  ᠪᠠᠶᠢᠨ᠎ᠠ᠃         ᠢᠦᠢ ᠳ᠋ᠠᠢ ᠴᠢᠩ ᠠᠴᠠ᠂ ᠬᠤᠪᠴᠠᠰᠤᠨ ᠤ ᠠᠵᠤ ᠦᠢᠯᠡᠰ ᠪᠣᠯ ᠬᠥᠳᠡᠯᠮᠦᠷᠢ ᠬᠦᠴᠦ ᠲᠥᠪᠯᠡᠷᠡᠭᠰᠡᠨ ᠠᠵᠤ ᠦᠢᠯᠡᠰ ᠪᠣᠯᠤᠨ᠎ᠠ᠂ ᠰᠢᠨ᠎ᠡ ᠪᠠᠷ ᠬᠥᠭᠵᠢᠵᠦ ᠪᠠᠶᠢᠭ᠎ᠠ ᠵᠢᠢ ᠬᠤᠸᠠ ᠪᠦᠯᠦᠭᠯᠡᠯ ᠤᠨ ᠬᠤᠪᠴᠠᠰᠤᠨ ᠤ ᠠᠵᠤ ᠦᠢᠯᠡᠰ ᠤᠨ ᠵᠠᠬᠢᠶᠠᠯᠠᠭ᠎ᠠ ᠶᠢᠨ ᠳᠠᠪᠠᠭᠤᠯᠢᠭ ᠲᠠᠭᠠᠨ ᠲᠦᠰᠢᠭᠯᠡᠨ᠂ ᠬᠤᠪᠴᠠᠰᠤ ᠬᠤᠨᠠᠷ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠵᠤ᠂ ᠪᠦᠬᠦ ᠬᠤᠰᠢᠭᠤᠨ ᠳᠤ 500 ᠭᠠᠷᠤᠢ ᠠᠵᠢᠯ ᠤᠨ ᠪᠠᠶᠢᠷᠢ ᠬᠠᠩᠭᠠᠵᠤ᠂ ᠲᠠᠷᠢᠶᠠᠯᠠᠬᠤ ᠮᠠᠯᠵᠢᠬᠤ ᠣᠷᠣᠨ ᠵᠢᠴᠢ ᠬᠤᠲᠠ ᠪᠠᠯᠭᠠᠰᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠪᠴᠠᠰᠤᠨ ᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠶᠢᠨ ᠪᠣᠯᠪᠠᠰᠣᠷᠠᠭᠤᠯᠤᠯ ᠤᠨ ᠡᠷᠴᠢᠮ ᠢ ᠴᠢᠩᠭᠠᠳᠬᠠᠵᠤ᠂ ᠠᠵᠢᠯᠯᠠᠭᠤᠯᠬᠤ ᠴᠤᠪᠤᠷᠠᠯ ᠢ ᠵᠢᠷᠤᠮᠵᠢᠭᠤᠯᠤᠨ᠂ ᠪᠣᠯᠪᠠᠰᠣᠷᠠᠭᠤᠯᠤᠯ ᠤᠨ ᠨᠥᠬᠦᠪᠥᠷᠢ ᠮᠥᠩᠭᠦ ᠶᠢ ᠴᠠᠭ ᠬᠤᠭᠤᠴᠠᠭ᠎ᠠ ᠶᠣᠰᠣᠭᠠᠷ ᠣᠯᠭᠤᠵᠤ᠂ ᠠᠵᠢᠯᠴᠢᠨ ᠤ ᠠᠵᠢᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠶ᠎ᠡ ᠵᠣᠬᠢᠴᠠᠯ ᠲᠠᠢ ᠬᠥᠭᠵᠢᠬᠦ ᠶᠢ ᠠᠬᠢᠭᠤᠯᠬᠤ ᠬᠡᠷᠡᠭᠲᠡᠢ  ᠭᠡᠵᠤ   ᠵᠠᠬᠢᠭᠰᠠᠨ  ᠪᠠᠶᠢᠨ᠎ᠠ᠃      ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠲᠤᠭᠤᠷᠢᠨ  ᠪᠠᠶᠢᠴᠠᠭᠠᠯᠲᠠ ᠳᠤ  ᠤᠷᠤᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠯᠢ ᠨᠢᠩ    ᠷᠧᠨ ᠫᠧᠩ  ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2