ᠢᠦᠢ ᠳ᠋ᠠᠢ ᠴᠢᠩ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ  ᠬᠤᠷᠠᠯᠳᠤᠭᠰᠠᠨ
ᠨᠡᠶᠢᠲᠡᠯᠡᠭᠰᠡᠨ ᠴᠠᠭ᠄
2024/6/4
      ᠢᠦᠢ ᠳ᠋ᠠᠢ ᠴᠢᠩ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ  ᠬᠤᠷᠠᠯᠳᠤᠭᠰᠠᠨ               ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ  ᠬᠤᠷᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠯᠳᠣᠭᠤᠯᠬᠤ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠪᠠᠶᠢᠳᠠᠯ ᠢ ᠰᠣᠨᠣᠰᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠨ ᠪᠠᠶᠢᠷᠢᠯᠠᠭᠤᠯᠤᠯᠲᠠ  ᠬᠢᠭᠰᠡᠨ  ᠪᠠᠶᠢᠨ᠎ᠠ᠃      ᠢᠦᠢ ᠳ᠋ᠠᠢ ᠴᠢᠩ ᠠᠴᠠ ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠬᠠᠷᠢᠯᠴᠠᠭ᠎ᠠ ᠨᠡᠪᠲᠡᠷᠡᠯᠴᠡᠭᠡ᠂ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠡᠯᠡ ᠮᠥᠩᠭᠦ ᠶᠢᠨ ᠬᠤᠪᠢᠶᠠᠷᠢᠯᠠᠯᠲᠠ ᠶᠢ ᠵᠣᠯᠭᠠᠯᠳᠣᠭᠤᠯᠬᠤ ᠵᠢᠴᠢ ᠬᠡᠷᠡᠭᠯᠡᠬᠦ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠪᠡᠯᠡ ᠮᠥᠩᠭᠦ ᠶᠢ ᠴᠠᠭ ᠬᠤᠭᠤᠴᠠᠭ᠎ᠠ ᠶᠣᠰᠣᠭᠠᠷ ᠪᠣᠳᠠᠲᠠᠶᠢᠵᠢᠭᠤᠯᠬᠤ ᠶᠢ ᠰᠠᠶᠢᠳᠤᠷ ᠪᠠᠲᠤᠯᠠᠵᠤ᠂ ᠲᠥᠷᠥᠯ ᠵᠦᠢᠯ ᠤᠨ ᠲᠦᠷᠭᠡᠨ ᠮᠥᠷᠲᠡᠭᠡᠨ ᠰᠠᠶᠢᠨ ᠬᠡᠷᠡᠭᠵᠢᠭᠦᠯᠦᠭᠳᠡᠬᠦ ᠶᠢ ᠦᠨᠡᠨᠬᠦ ᠪᠠᠳᠤᠯᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠶᠢ ᠲᠦᠷᠭᠡᠳᠬᠡᠵᠦ᠂ ᠡᠯ᠎ᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠴᠠᠭ ᠬᠤᠭᠤᠴᠠᠭ᠎ᠠ ᠬᠤᠪᠢᠶᠠᠨ ᠵᠠᠪᠳᠤᠨ ᠨᠠᠶᠢᠳᠠᠪᠤᠷᠢᠵᠢᠭᠤᠯᠬᠤ ᠶᠢ ᠠᠳᠬᠤᠵᠤ᠂ ᠲᠥᠷᠥᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠨ ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ  ᠱᠠᠭᠠᠷᠳᠠᠭᠰᠠᠨ ᠪᠠᠶᠢᠨ᠎ᠠ᠃       ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ᠂ ᠡᠯ᠎ᠡ ᠪᠠᠶᠢᠩᠭᠤ ᠶᠢᠨ ᠭᠡᠰᠢᠭᠦᠨ ᠂ ᠬᠤᠰᠢᠭᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠰᠤᠮᠤ ᠰᠢᠶᠠᠩ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ  ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠯᠢ ᠨᠢᠩ    ᠷᠧᠨ ᠫᠧᠩ  ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2