ᠮᠠᠨ ᠤ ᠬᠤᠰᠢᠭᠤ 2024 ᠣᠨ ᠤ ᠳᠡᠯᠡᠬᠡᠢ ᠶᠢᠨ ᠣᠷᠴᠢᠨ ᠲᠣᠭᠤᠷᠢᠨ ᠤ ᠡᠳᠦᠷ  ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/6/5
      ᠮᠠᠨ ᠤ ᠬᠤᠰᠢᠭᠤ 2024 ᠣᠨ ᠤ ᠳᠡᠯᠡᠬᠡᠢ ᠶᠢᠨ ᠣᠷᠴᠢᠨ ᠲᠣᠭᠤᠷᠢᠨ ᠤ ᠡᠳᠦᠷ  ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ               6 ᠰᠠᠷ᠎ᠠ ᠶᠢᠨ 5 ᠤ ᠡᠳᠦᠷ ᠪᠣᠯ 53 ᠳᠠᠬᠢ ᠳᠡᠯᠡᠬᠡᠢ ᠶᠢᠨ ᠣᠷᠴᠢᠨ ᠲᠣᠭᠤᠷᠢᠨ ᠤ ᠡᠳᠦᠷ ᠪᠣᠯᠤᠨ᠎ᠠ᠂ ᠮᠠᠨ ᠤ ᠬᠤᠰᠢᠭᠤ《ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ  ᠪᠠᠷ ᠲᠦᠯᠬᠢᠨ ᠠᠬᠢᠭᠤᠯᠬᠤ》 ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠨᠢᠭᠤᠷᠳᠠᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ 》ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠳᠡᠯᠭᠡᠷ ᠤᠬᠠᠭᠤᠯᠵᠤ᠂ ᠣᠯᠠᠨ ᠲᠦᠮᠡᠨ ᠳᠤ ᠣᠷᠴᠢᠨ ᠲᠣᠭᠤᠷᠢᠨ ᠤ ᠡᠳᠦᠷ ᠤᠨ ᠠᠴᠢ ᠬᠤᠯᠪᠣᠭᠳᠠᠯ ᠵᠢᠴᠢ ᠣᠷᠴᠢᠨ ᠲᠣᠭᠤᠷᠢᠨ ᠢ ᠬᠤᠬᠢᠷᠠᠭᠤᠯᠤᠭᠰᠠᠨ ᠦᠷ᠎ᠡ ᠳ᠋ᠦᠩ ᠢ ᠲᠠᠶᠢᠯᠪᠤᠷᠢᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠢᠳᠡᠪᠬᠢᠲᠡᠢ ᠣᠷᠣᠯᠴᠠᠭᠤᠯᠵᠤ᠂ ᠣᠷᠴᠢᠨ ᠲᠣᠭᠤᠷᠢᠨ ᠤ ᠡᠬᠢ ᠪᠠᠶᠠᠯᠢᠭ ᠢ ᠬᠠᠮᠠᠭᠠᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠭᠡᠰᠡᠨ ᠪᠠᠶᠢᠨ᠎ᠠ᠃      ᠣᠶᠢᠷ᠎ᠠ ᠶᠢᠨ ᠵᠢᠯ ᠠᠴᠠ ᠨᠡᠰᠢ᠂ ᠮᠠᠨ ᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ  ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂《ᠬᠥᠬᠡ ᠠᠭᠤᠯᠠ ᠬᠦᠬᠡᠮᠳᠦᠭ ᠤᠰᠤ ᠪᠣᠯ ᠳᠠᠷᠤᠢ ᠠᠯᠳᠠ ᠮᠥᠩᠭᠦᠨ ᠠᠭᠤᠯᠠ》ᠬᠡᠮᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠭᠤᠯᠠ ᠤᠰᠤ ᠣᠢ ᠮᠣᠳᠣ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠥᠨᠳᠥᠷ ᠪᠠᠷᠢᠮᠵᠢᠶ᠎ᠠ  ᠪᠠᠷ ᠰᠠᠶᠢᠲᠤᠷ ᠬᠢᠵᠦ᠂ ᠣᠳᠣ ᠦᠶ᠎ᠡ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠴᠢᠨᠠᠷ ᠰᠠᠶᠢᠲᠠᠢ ᠠᠮᠢ ᠠᠬᠤᠢ ᠶᠢᠨ ᠣᠷᠴᠢᠨ ᠲᠣᠭᠤᠷᠢᠨ ᠢᠶᠠᠷ ᠥᠨᠳᠥᠷ ᠶᠠᠰᠤ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠪᠦᠬᠦᠢ ᠴᠢᠳᠠᠯ ᠢᠶᠠᠨ ᠡᠷᠭᠦᠭᠰᠡᠨ ᠪᠠᠶᠢᠨ᠎ᠠ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠯᠢ ᠨᠢᠩ    ᠮᠦᠰᠢᠶᠡ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2