ᠪᠦᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷ ᠤᠨ | ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠭᠰᠡᠨ | | ᠣᠶᠢᠷ᠎ᠠ ᠳᠤ᠂ ᠪᠦᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ | ᠺᠠᠳ᠋ᠷ ᠤᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠯ ᠵᠢᠴᠢ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠨᠢᠭᠡᠳᠦᠭᠡᠷ ᠬᠤᠭᠤᠴᠠᠭᠠᠨ ᠤ ᠲᠤᠰᠬᠠᠢ ᠰᠡᠳᠦᠪᠲᠦ | ᠪᠣᠯᠪᠠᠰᠤᠷᠠᠯ ᠤᠨ ᠠᠩᠭᠢ ᠬᠢᠴᠢᠶᠡᠯ ᠡᠬᠢᠯᠡᠭᠰᠡᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠰᠢᠦᠸᠠᠢ ᠴᠦᠨ ᠰᠤᠷᠤᠯᠭ᠎ᠠ ᠡᠬᠢᠯᠡᠬᠦ ᠶᠣᠰᠣᠯᠠᠯ ᠳᠤ | ᠣᠷᠣᠯᠴᠠᠭᠰᠠᠨ ᠪᠥᠭᠡᠳ ᠶᠠᠷᠢᠶ᠎ᠠ ᠳᠠᠯᠪᠢᠭᠰᠠᠨ ᠪᠠᠶᠢᠨ᠎ᠠ᠃ | ᠲᠤᠰ ᠤᠳᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠨᠢ 3 ᠡᠳᠦᠷ ᠶᠠᠪᠤᠭᠳᠠᠨ᠎ᠠ᠂ ᠡᠭᠦᠨ ᠳᠤ ᠰᠢ ᠶᠢᠨ | ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂《ᠳᠤᠮᠳᠠᠳᠤ ᠤᠯᠤᠰ ᠤᠨ ᠡᠪ ᠬᠠᠮᠲᠤ ᠨᠠᠮ ᠤᠯᠤᠰ ᠲᠥᠷᠥ | ᠬᠠᠤᠯᠢ ᠴᠠᠭᠠᠵᠠ ᠶᠢᠨ ᠠᠵᠢᠯ ᠤᠨ ᠳᠦᠷᠢᠮ 》ᠵᠡᠷᠭᠡ 7 ᠲᠥᠷᠥᠯ ᠤᠨ ᠬᠢᠴᠢᠶᠡᠯ ᠢ ᠲᠣᠬᠢᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ | ᠭᠤᠣᠯ ᠰᠢᠵᠢᠮ ᠪᠣᠯᠭᠠᠵᠤ᠂ ᠤᠯᠤᠰ ᠲᠥᠷᠥ ᠬᠠᠤᠯᠢ ᠴᠠᠭᠠᠵᠠ ᠶᠢᠨ ᠤᠳᠤᠷᠢᠳᠬᠤ ᠺᠠᠳ᠋ᠷ ᠤᠨ ᠪᠤᠳᠤᠯᠢᠶᠠᠨᠲᠠᠢ | ᠪᠠᠶᠢᠳᠠᠯ ᠤᠨ ᠲᠡᠮᠡᠴᠡᠬᠦ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ ᠪᠣᠯᠤᠨ ᠥᠨᠳᠥᠷ | ᠴᠢᠨᠠᠷ ᠴᠢᠨᠰᠠᠭ᠎ᠠ ᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡᠨ ᠤ ᠬᠤᠪᠢᠰᠬᠠᠯᠵᠢᠬᠤ᠂ ᠵᠢᠩᠬᠢᠨᠢᠴᠢᠯᠡᠬᠦ᠂ ᠲᠤᠰᠬᠠᠶᠢᠵᠢᠬᠤ᠂ ᠠᠵᠢᠯ ᠮᠡᠷᠭᠡᠵᠢᠯ ᠤᠨ | ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠰᠤᠷᠤᠯᠴᠠᠯᠭ᠎ᠠ ᠬᠥᠮᠦᠵᠢᠯ ᠲᠠᠢ | ᠤᠶᠠᠯᠳᠤᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠬᠠᠯᠬᠠᠪᠴᠢ ᠶᠢ | ᠦᠨᠡᠨᠬᠦ ᠪᠠᠬᠢᠵᠢᠭᠦᠯᠬᠦ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃ | ᠪᠦᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠪᠠᠭ ᠤᠨ | ᠪᠦᠷᠢᠯᠳᠦᠬᠦᠨ ᠪᠠ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠡᠯ᠎ᠡ ᠲᠠᠰᠤᠭ᠂ ᠰᠠᠯᠪᠤᠷᠢ᠂ ᠠᠩᠭᠢ᠂ | ᠰᠠᠯᠠᠭᠠᠨ ᠤ ᠬᠠᠷᠢᠭᠤᠴᠠᠯᠭᠠᠲᠠᠨ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠤᠯᠤᠰ ᠲᠥᠷᠥ ᠬᠠᠤᠯᠢ ᠴᠠᠭᠠᠵᠠ ᠶᠢᠨ | ᠭᠡᠰᠢᠭᠦᠨ 70 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠣᠷᠣᠨ᠎ᠠ ᠢᠦᠢ ᡁᠢ ᠹᠠᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |