ᠢᠦᠢ ᠳ᠋ᠠᠢ ᠴᠢᠩ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠬᠢᠯᠡᠨ ᠬᠤᠷᠠᠯᠳᠤᠭᠤᠯᠪᠠ | | 5 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠲᠠᠷᠢᠶᠠᠯᠠᠬᠤ | ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠯᠳᠣᠭᠤᠯᠬᠤ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠪᠠᠶᠢᠳᠠᠯ ᠢ | ᠰᠣᠨᠣᠰᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ | ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ᠃ | | | | | ᠢᠦᠢ ᠳ᠋ᠠᠢ ᠴᠢᠩ ᠬᠡᠯᠡᠬᠦ ᠳᠡᠭᠡᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠨᠡᠪᠲᠡᠷᠡᠯᠴᠡᠭᠡ ᠬᠠᠷᠢᠯᠴᠠᠭ᠎ᠠ ᠪᠠᠨ | ᠴᠢᠩᠭᠠᠳᠬᠠᠵᠤ᠂ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠡᠯᠡ ᠮᠥᠩᠭᠦ ᠶᠢᠨ ᠬᠤᠪᠢᠶᠠᠷᠢᠯᠠᠯᠲᠠ ᠶᠢ | ᠵᠣᠯᠭᠠᠯᠳᠣᠭᠤᠯᠬᠤ ᠵᠢᠴᠢ ᠬᠡᠷᠡᠭᠯᠡᠬᠦ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠪᠡᠯᠡ ᠮᠥᠩᠭᠦ ᠶᠢ ᠴᠠᠭ | ᠬᠤᠭᠤᠴᠠᠭ᠎ᠠ ᠶᠣᠰᠣᠭᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠲᠥᠷᠥᠯ ᠵᠦᠢᠯ ᠤᠨ ᠲᠦᠷᠭᠡᠨ | ᠮᠥᠷᠲᠡᠭᠡᠨ ᠰᠠᠶᠢᠨ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠭᠦᠢᠴᠡᠳᠬᠡᠬᠦ ᠶᠢ ᠲᠦᠷᠭᠡᠳᠬᠡᠵᠦ᠂ ᠡᠯ᠎ᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠴᠠᠭ | ᠬᠤᠭᠤᠴᠠᠭ᠎ᠠ ᠬᠤᠪᠢᠶᠠᠨ ᠵᠠᠪᠳᠤᠨ ᠨᠠᠶᠢᠳᠠᠪᠤᠷᠢᠵᠢᠭᠤᠯᠬᠤ ᠶᠢ ᠠᠳᠬᠤᠵᠤ᠂ ᠲᠥᠷᠥᠯ ᠵᠦᠢᠯ ᠢ ᠡᠷᠲᠡᠬᠡᠨ ᠪᠠᠶᠢᠭᠤᠯᠵᠤ | ᠳᠠᠭᠤᠰᠬᠠᠨ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠵᠢᠭᠰᠠᠭᠠᠨ ᠪᠠᠶᠢᠴᠠᠭᠠᠵᠤ | ᠪᠠᠶᠢᠳᠠᠯ ᠢ ᠣᠶᠢᠯᠠᠭᠠᠬᠤ ᠶᠢ ᠪᠦᠬᠦ ᠲᠠᠯ᠎ᠠ ᠪᠠᠷ ᠣᠨᠣᠪᠴᠢᠲᠠᠢ ᠥᠷᠨᠢᠭᠦᠯᠵᠦ᠂ ᠡᠯ᠎ᠡ ᠲᠥᠷᠥᠯ ᠤᠨ ᠲᠦᠭᠰᠢᠭᠦᠷᠢ ᠶᠢᠨ | ᠳᠠᠯᠳᠠ ᠭᠡᠮ ᠣᠷᠣᠰᠢᠵᠤ ᠮᠡᠳᠡᠬᠦ ᠶᠢ ᠴᠠᠭ ᠲᠤᠬᠠᠢ ᠳᠤᠨᠢ ᠣᠯᠵᠤ ᠮᠡᠳᠡᠨ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ | ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ᠃ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠬᠡᠮᠵᠢᠬᠦ ᠪᠠ ᠬᠠᠪᠰᠤᠷᠤᠨ | ᠲᠡᠳᠬᠦᠬᠦ ᠡᠷᠴᠢᠮ ᠢ ᠦᠨᠡᠨᠬᠦ ᠠᠳᠬᠤᠵᠤ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠤᠷᠢᠳᠴᠢᠯᠠᠨ ᠰᠡᠷᠡᠮᠵᠢᠯᠡᠵᠦ | ᠬᠢᠨᠠᠨ ᠬᠡᠮᠵᠢᠬᠦ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠲᠦᠭᠰᠢᠭᠦᠷᠢ ᠶᠢᠨ | ᠳᠠᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠨ᠂ ᠡᠷᠲᠡ ᠠᠴᠠ ᠰᠡᠷᠡᠮᠵᠢᠯᠡᠭᠦᠯᠵᠦ᠂ ᠡᠷᠲᠡ ᠠᠴᠠ ᠭᠠᠷ ᠲᠥᠷᠥᠵᠦ᠂ | ᠡᠷᠳᠡ ᠠᠴᠠ ᠬᠠᠪᠰᠤᠷᠤᠨ ᠲᠡᠳᠬᠦᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ | ᠬᠡᠷᠡᠭᠲᠡᠢ᠃ | | | | | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ᠂ ᠡᠯ᠎ᠡ ᠪᠠᠶᠢᠩᠭᠤ ᠶᠢᠨ ᠭᠡᠰᠢᠭᠦᠨ᠂ | ᠬᠤᠰᠢᠭᠤ ᠵᠠᠰᠠᠭ ᠵᠠᠬᠢᠷᠭᠠᠨ ᠤ ᠤᠳᠤᠷᠢᠳᠤᠯᠭ᠎ᠠ ᠪᠠ ᠰᠤᠮᠤ ᠰᠢᠶᠠᠩ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |