ᠳᠦᠷᠪᠡᠦᠨ ᠬᠤᠰᠢᠭᠤᠨ ᠤ ᠬᠦᠷᠢᠶᠡᠲᠦ ᠪᠠᠯᠭᠠᠰᠤᠨ ᠤ ᠲᠤᠪᠴᠢ ᠲᠠᠨᠢᠯᠴᠠᠭᠤᠯᠭ᠎ᠠ | | ᠨᠢᠭᠡ᠂ ᠭᠤᠣᠯ ᠡᠭᠦᠷᠭᠡ ᠬᠠᠷᠢᠭᠤᠴᠠᠯᠭ᠎ᠠ | 1. ᠨᠠᠮ ᠪᠣᠯᠤᠨ ᠤᠯᠤᠰ ᠤᠨ ᠲᠠᠷᠢᠶᠠᠯᠠᠬᠤ ᠮᠠᠯᠵᠢᠬᠤ ᠣᠷᠣᠨ ᠳᠠᠬᠢ ᠱᠤᠭᠤᠮ᠂ ᠴᠢᠭᠯᠡᠯᠲᠡ᠂ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠦᠨᠡᠨᠬᠦ ᠶᠠᠪᠤᠭᠳᠠᠭᠤᠰᠢᠲᠠᠢ᠂ ᠰᠢᠨᠵᠢᠯᠡᠬᠦ ᠤᠬᠠᠭᠠᠨᠴᠢ | ᠵᠦᠢ ᠵᠣᠬᠢᠰᠲᠠᠢ ᠬᠥᠭᠵᠢᠭᠦᠯᠦᠯᠲᠡ ᠶᠢᠨ ᠲᠥᠯᠥᠪᠵᠢᠭᠦᠯᠭᠡ ᠪᠣᠯᠤᠨ ᠲᠥᠯᠥᠪᠯᠡᠭᠡ ᠲᠣᠭᠲᠠᠭᠠᠵᠤ᠂ ᠰᠤᠮᠤ ᠰᠢᠶᠠᠩ | ᠪᠠᠯᠭᠠᠰᠤ ᠶᠢᠨ ᠠᠵᠤ ᠠᠬᠤᠢ ᠵᠢᠴᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠪᠦᠬᠦ ᠲᠠᠯ᠎ᠠ ᠪᠠᠷ᠂ ᠡᠷᠡᠭᠦᠯ᠂ ᠡᠶ᠎ᠡ | ᠵᠣᠬᠢᠴᠠᠯ ᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ | 2᠂ ᠣᠷᠣᠨ ᠪᠦᠰᠡ ᠶᠢᠨ ᠳᠣᠲᠣᠷᠠᠬᠢ ᠵᠠᠬ᠎ᠠ ᠳᠡᠯᠭᠡᠭᠦᠷ ᠤᠨ ᠰᠢᠰᠲᠧᠮ ᠤᠨ ᠪᠠᠶᠢᠭᠤᠯᠤᠯᠲᠠ᠂ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠪᠠ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠨ᠎ᠡ ;ᠪᠠᠭ᠎ᠠ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ | ᠠᠯᠬᠤᠴᠠ ᠶᠢ ᠲᠦᠷᠭᠡᠳᠬᠡᠨ᠂ ᠬᠥᠮᠦᠨ ᠠᠮᠠ ᠬᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | 3. ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ | ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠠᠵᠤ ᠠᠬᠤᠶᠢᠯᠠᠯ ᠤᠨ | ᠬᠥᠭᠵᠢᠯᠲᠡ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠨ᠎ᠠ ;ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ | ᠰᠢᠯᠵᠢᠭᠦᠯᠬᠦ ᠠᠷᠭ᠎ᠠ ᠵᠠᠮ ᠢ ᠥᠷᠭᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠢ | ᠬᠥᠲᠥᠯᠦᠨ ᠵᠢᠯᠣᠭᠤᠳᠴᠤ ᠪᠠᠶᠢᠭᠠᠳ ᠬᠤᠲᠠ ᠪᠠᠯᠭᠠᠰᠤ ᠳᠠᠰᠢ ᠰᠢᠯᠵᠢᠭᠦᠯᠬᠦ ᠬᠡᠷᠡᠭᠲᠡᠢ ;ᠬᠥᠳᠡᠯᠮᠦᠷᠢ ᠶᠢᠨ | ᠬᠦᠴᠦᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠣᠷᠠᠭᠤᠯᠤᠯ ᠬᠢᠬᠦ ᠠᠵᠢᠯ ᠢ ᠰᠠᠶᠢᠲᠤᠷ ᠬᠢᠵᠦ᠂ | ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ ;ᠲᠠᠷᠢᠶᠠᠴᠢᠨ ᠮᠠᠯᠴᠢᠳ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠪᠣᠯᠪᠠᠰᠣᠷᠠᠭᠤᠯᠤᠯ ᠪᠣᠯᠤᠨ ᠦᠢᠯᠡᠴᠢᠯᠡᠭᠡᠨ ᠢ ᠰᠠᠶᠢᠲᠤᠷ ᠬᠢᠵᠦ᠂ ᠨᠡᠩ ᠣᠯᠠᠨ ᠲᠠᠷᠢᠶᠠᠴᠢᠨ | ᠮᠠᠯᠴᠢᠨ ᠳᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠡᠵᠡᠮᠰᠢᠭᠦᠯᠬᠦ ᠬᠡᠷᠡᠭᠲᠡᠢ ; | ᠲᠠᠷᠢᠶᠠᠴᠢᠨ ᠮᠠᠯᠴᠢᠳ ᠲᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠠᠯ᠎ᠠ ᠪᠠᠷ ᠪᠠ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ | ᠬᠠᠩᠭᠠᠬᠤ ᠬᠡᠷᠡᠭᠲᠡᠢ ;ᠮᠠᠯᠴᠢᠨ ᠲᠠᠷᠢᠶᠠᠴᠢᠳ ᠲᠤ ᠦᠢᠯᠡᠳᠪᠦᠷᠢᠯᠡᠬᠦ_ᠡᠴᠡ ᠡᠮᠦᠨᠡᠬᠢ᠂ ᠦᠢᠯᠡᠳᠪᠦᠷᠢᠯᠡᠯ ᠤᠨ | ᠳᠤᠮᠳᠠᠬᠢ᠂ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡ ᠬᠠᠩᠭᠠᠬᠤ ᠬᠡᠷᠡᠭᠲᠡᠢ ;ᠰᠣᠶᠣᠯ ᠰᠤᠷᠭᠠᠨ ᠬᠥᠮᠦᠵᠢᠯ | ᠡᠮ ᠡᠮᠨᠡᠯᠭᠡ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠢ ᠥᠷᠨᠢᠭᠦᠯᠵᠦ᠂ | ᠲᠠᠷᠢᠶᠠᠯᠠᠬᠤ ᠮᠠᠯᠵᠢᠬᠤ ᠣᠷᠣᠨ ᠤ ᠨᠠᠰᠤᠵᠢᠯ ᠤᠨ ᠳᠠᠭᠠᠳᠬᠠᠯ ᠪᠣᠯᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ | ᠬᠤᠷᠰᠢᠭᠰᠠᠨ ᠡᠮᠨᠡᠯᠭᠡ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠰ ᠢ ᠰᠠᠶᠢᠲᠤᠷ ᠥᠷᠨᠢᠭᠦᠯᠵᠦ᠂ ᠲᠠᠷᠢᠶᠠᠯᠠᠬᠤ | ᠮᠠᠯᠵᠢᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ᠂ ᠭᠠᠮᠰᠢᠭ᠋/ᠠ᠋ᠴᠠ ᠠᠪᠤᠷᠠᠨ ᠲᠤᠰᠠᠯᠠᠬᠤ᠂ ᠶᠠᠳᠠᠭᠤ | ᠬᠦᠴᠢᠷᠳᠡᠯᠲᠡᠢ ᠶᠢ ᠲᠡᠳᠬᠦᠨ ᠰᠢᠢᠳᠪᠦᠷᠢᠯᠡᠬᠦ ᠵᠡᠷᠭᠡ ᠠᠵᠢᠯ ᠢ ᠴᠢᠩᠭᠠᠳᠬᠠᠵᠤ᠂ ᠲᠠᠷᠢᠶᠠᠯᠠᠬᠤ ᠮᠠᠯᠵᠢᠬᠤ ᠣᠷᠣᠨ ᠤ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ | 4. ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠡᠬᠢ ᠪᠠᠶᠠᠯᠢᠭ ᠤᠨ ᠳᠠᠪᠠᠭᠤᠯᠢᠭ ᠪᠠ ᠣᠷᠣᠨ ᠪᠦᠰᠡ ᠶᠢᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠪᠠᠷ ᠨᠡᠭᠡᠭᠡᠨ ᠠᠰᠢᠭᠯᠠᠨ᠎ᠠ ; | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠲᠥᠯᠥᠪᠯᠡᠭᠡ ᠶᠢ ᠲᠣᠭᠲᠠᠭᠠᠨ᠂ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠢᠳᠡᠪᠬᠢᠲᠡᠢ ᠲᠣᠬᠢᠷᠠᠭᠤᠯᠵᠤ᠂ | ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠠᠵᠤ | ᠠᠬᠤᠢ ᠶᠢᠨ ᠪᠣᠳᠠᠲᠤ ᠬᠦᠴᠦᠨ ᠢ ᠪᠤᠵᠠᠭᠠᠶᠢᠷᠠᠭᠤᠯᠬᠤ ᠬᠡᠷᠡᠭᠲᠡᠢ᠃ | 5. ᠣᠷᠣᠨ ᠪᠦᠰᠡ ᠶᠢᠨ ᠳᠣᠲᠣᠷᠠᠬᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠠᠵᠢᠯ ᠢ ᠴᠢᠩᠭᠠᠷᠠᠭᠤᠯᠤᠨ᠂ ᠤᠰᠤᠨ ᠤ | ᠬᠠᠮᠠᠭᠠᠯᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ | ᠣᠷᠣᠨ ᠪᠦᠰᠡ ᠶᠢᠨ ᠳᠣᠲᠣᠷᠠᠬᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ | ᠠᠬᠤᠢ ᠶᠢ ᠪᠣᠢ ᠪᠣᠯᠭᠠᠬᠤ ᠬᠡᠷᠡᠭᠲᠡᠢ᠃ | 6. ᠰᠤᠮᠤ ᠰᠢᠶᠠᠩ ᠪᠠᠯᠭᠠᠰᠤᠨ ᠤ ᠠᠵᠤ ᠠᠬᠤᠢ ᠡᠳ᠋ ᠤᠨ ᠵᠠᠰᠠᠭ ᠢ ᠬᠠᠮᠢᠶᠠᠷᠤᠨ᠎ᠠ ;ᠲᠤᠰ ᠣᠷᠣᠨ | ᠪᠦᠰᠡ ᠶᠢᠨ ᠳᠣᠲᠣᠷᠠᠬᠢ ᠭᠠᠵᠠᠷ ᠰᠢᠷᠣᠢ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ᠂ ᠬᠥᠳᠡᠭᠡ | ᠲᠣᠰᠬᠤᠨ ᠤ ᠵᠠᠰᠠᠮᠠᠯ ᠵᠠᠮ ᠢ ᠬᠠᠮᠢᠶᠠᠷᠤᠨ᠎ᠠ ;ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠤᠰ | ᠭᠠᠵᠠᠷ ᠣᠷᠣᠨ ᠤ ᠪᠠᠨ ᠴᠤᠭᠯᠠᠭ᠎ᠠ ᠪᠠᠯᠭᠠᠰᠤ᠂ ᠲᠣᠰᠬᠤᠨ ᠪᠠᠯᠭᠠᠰᠤ ᠶᠢ ᠲᠥᠯᠥᠪᠵᠢᠭᠦᠯᠵᠦ ᠪᠦᠲᠦᠭᠡᠨ ᠪᠠᠶᠢᠭᠤᠯᠬᠤ | ᠪᠠ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠬᠠᠮᠢᠶᠠᠷᠴᠤ᠂ ᠰᠤᠮᠤ | ᠰᠢᠶᠠᠩ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠬᠡᠷᠡᠭᠲᠡᠢ᠃ | 7. ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡᠨ ᠢ ᠥᠷᠨᠢᠭᠦᠯᠵᠦ᠂ | ᠨᠡᠶᠢᠭᠡᠮ ᠤᠨ ᠵᠥᠷᠢᠴᠡᠯ ᠪᠣᠯᠤᠨ ᠵᠢᠭᠤᠷᠠᠯᠳᠤᠭᠠᠨ ᠢ ᠠᠷᠢᠯᠭᠠᠨ᠂ ᠨᠡᠶᠢᠭᠡᠮ ᠤᠨ ᠡᠮᠬᠢ ᠳᠢᠭᠯᠢᠮ ᠪᠣᠯᠤᠨ | ᠲᠣᠭᠲᠠᠭᠤᠨ ᠢ ᠬᠠᠮᠠᠭᠠᠯᠠᠵᠤ᠂ ᠨᠡᠶᠢᠭᠡᠮ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠤᠨ ᠮᠠᠯᠴᠢᠨ | ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ | 8. ᠰᠤᠮᠤ ᠰᠢᠶᠠᠩ ᠪᠠᠯᠭᠠᠰᠤ ᠶᠢᠨ ᠡᠯ᠎ᠡ ᠲᠥᠷᠥᠯ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ | ᠡᠯ᠎ᠡ ᠬᠤᠪᠢ ᠶᠢᠨ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ | ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠵᠢᠷᠤᠮᠯᠠᠵᠤ᠂ ᠬᠠᠤᠯᠢ ᠶᠣᠰᠣᠭᠠᠷ ᠡᠵᠡᠩᠨᠡᠵᠦ᠂ ᠬᠠᠤᠯᠢ | ᠶᠣᠰᠣᠭᠠᠷ ᠭᠠᠶᠢᠯᠢ ᠲᠤᠰᠢᠶᠠᠬᠤ ᠳᠤ ᠬᠢᠨᠠᠯᠲᠠ ᠲᠠᠯᠪᠢᠨ᠎ᠠ ;ᠰᠤᠮᠤ ᠰᠢᠶᠠᠩ ᠪᠠᠯᠭᠠᠰᠤ ᠶᠢᠨ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠳᠡᠭᠡᠳᠦ ᠱᠠᠲᠤᠨ ᠤ ᠲᠣᠬᠢᠷᠠᠭᠤᠯᠤᠨ ᠪᠠᠶᠢᠷᠢᠯᠠᠭᠤᠯᠤᠭᠰᠠᠨ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠶᠣᠰᠣᠭᠠᠷ ᠵᠠᠰᠠᠭ | ᠶᠠᠪᠤᠭᠤᠯᠬᠤ᠂ ᠭᠤᠣᠯᠴᠢ ᠪᠠᠷ ᠠᠵᠢᠯ ᠡᠷᠬᠢᠯᠡᠬᠦ᠂ ᠠᠷᠢᠭᠤᠨ ᠴᠢᠬᠡᠴᠢ ᠪᠠᠶᠢᠬᠤ ᠪᠠᠶᠢᠳᠠᠯ ᠢ ᠰᠢᠮᠳᠠᠭᠤᠯᠤᠨ | ᠪᠠᠶᠢᠴᠠᠭᠠᠬᠤ ᠬᠡᠷᠡᠭᠲᠡᠢ᠃ | 9. ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠵᠦ᠂ | ᠥᠷᠭᠡᠨ ᠣᠯᠠᠨ ᠲᠦᠮᠡᠨ ᠤ ᠰᠠᠨᠠᠯ ᠪᠠ ᠰᠠᠨᠠᠭᠤᠯᠭ᠎ᠠ ᠶᠢ ᠰᠣᠨᠣᠰᠤᠨ᠂ ᠣᠯᠠᠨ ᠲᠦᠮᠡᠨ ᠤ ᠬᠢᠨᠠᠯᠲᠠ ᠲᠠᠯᠪᠢᠬᠤ ᠶᠢ | ᠬᠦᠯᠢᠶᠡᠵᠦ᠂ ᠠᠷᠠᠳᠴᠢᠯᠠᠯ ᠲᠥᠪᠯᠡᠷᠡᠯ ᠤᠨ ᠶᠣᠰᠣᠨ ᠤ ᠰᠢᠯᠢᠳᠡᠭ ᠰᠤᠷᠲᠠᠯ ᠢ ᠪᠠᠳᠠᠷᠠᠭᠤᠯᠬᠤ ᠬᠡᠷᠡᠭᠲᠡᠢ᠃ | 10. ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠠᠵᠢᠯ ᠢ ᠵᠢᠯᠣᠭᠤᠳᠬᠤ ᠪᠠᠨ ᠴᠢᠩᠭᠠᠳᠬᠠᠬᠤ | ᠬᠡᠷᠡᠭᠲᠡᠢ᠃ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠨ | ᠡᠭᠦᠷᠭᠡ ᠶᠢ ᠪᠡᠶᠡᠯᠡᠭᠦᠯᠦᠨ᠎ᠡ᠃ | | ᠬᠤᠶᠠᠷ᠂ ᠳᠣᠲᠣᠭᠠᠳᠤ ᠪᠠᠶᠢᠭᠤᠯᠤᠮᠵᠢ | ( ᠨᠢᠭᠡ ) ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ | ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠳᠣᠳᠣᠮ ᠤᠨ ᠠᠵᠢᠯᠯᠠᠭᠠᠨ | ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ ;ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ ;ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢ ᠬᠢᠨᠠᠵᠤ ᠪᠠᠶᠢᠴᠠᠭᠠᠬᠤ ᠠᠵᠢᠯ ᠢ ᠬᠠᠷᠢᠭᠤᠴᠠᠨ᠎ᠠ ;ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠤᠨ | ᠠᠵᠢᠯ ᠢ ᠬᠠᠷᠢᠭᠤᠴᠠᠨ᠎ᠠ᠃ | ( ᠬᠤᠶᠠᠷ ) ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ | ᠭᠤᠣᠯ ᠡᠭᠦᠷᠭᠡ ᠬᠠᠷᠢᠭᠤᠴᠠᠯᠭ᠎ᠠ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ | ᠪᠣᠯᠤᠨ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ ;ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ | ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ ;ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ;ᠨᠢᠭᠡᠳᠦᠮᠡᠯ ᠹᠷᠣᠨᠲ᠂ ᠦᠨᠳᠦᠰᠦᠲᠡᠨ ᠤ ᠱᠠᠰᠢᠨ | ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | ( ᠭᠤᠷᠪᠠ ) ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ | ᠭᠤᠣᠯ ᠡᠭᠦᠷᠭᠡ ᠬᠠᠷᠢᠭᠤᠴᠠᠯᠭ᠎ᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ ;ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ ; | ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ ;ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ;ᠠᠮᠢ ᠠᠬᠤᠢ ᠶᠢᠨ ᠣᠷᠴᠢᠨ ᠲᠣᠭᠤᠷᠢᠨ | ᠵᠡᠷᠭᠡ ᠠᠵᠢᠯ ᠢ ᠬᠠᠷᠢᠭᠤᠴᠠᠨ᠎ᠠ᠃ | ( ᠳᠥᠷᠪᠡ ) ᠨᠡᠶᠢᠭᠡᠮ ᠤᠨ ᠶᠠᠪᠤᠳᠠᠯ ᠤᠨ ᠠᠯᠪᠠᠨ ᠭᠡᠷ | ᠭᠤᠣᠯ ᠡᠭᠦᠷᠭᠡ ᠬᠠᠷᠢᠭᠤᠴᠠᠯᠭ᠎ᠠ᠄ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠢᠨᠵᠢᠯᠡᠬᠦ | ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ | ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠶᠠᠪᠤᠳᠠᠯ ᠤᠨ | ᠴᠢᠨᠠᠷᠲᠠᠢ ᠠᠵᠢᠯ ᠢ ᠬᠠᠷᠢᠭᠤᠴᠠᠨ᠎ᠠ᠃ | (ᠲᠠᠪᠤ) ᠠᠮᠤᠷ ᠲᠦᠪᠰᠢᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ | ᠭᠤᠣᠯ ᠡᠭᠦᠷᠭᠡ ᠬᠠᠷᠢᠭᠤᠴᠠᠯᠭ᠎ᠠ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ ᠤᠨ | ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠢ ᠬᠠᠮᠠᠭᠠᠯᠠᠬᠤ ᠶᠢᠨ ᠶᠡᠷᠦᠩᠬᠡᠶᠢᠯᠡᠨ ᠵᠠᠰᠠᠬᠤ ᠠᠵᠢᠯ ᠢ | ᠬᠠᠷᠢᠭᠤᠴᠠᠨ᠎ᠠ ;ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠠᠵᠢᠯ ᠢ | ᠬᠠᠷᠢᠭᠤᠴᠠᠨ᠎ᠠ ;ᠲᠣᠧᠷᠴᠢᠯᠠᠭᠰᠠᠨ ᠠᠵᠢᠯ ᠢ ᠬᠠᠷᠢᠭᠤᠴᠠᠨ᠎ᠠ᠃ | ( ᠵᠢᠷᠭᠤᠭ᠎ᠠ ) ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ | ᠭᠤᠣᠯ ᠡᠭᠦᠷᠭᠡ ᠬᠠᠷᠢᠭᠤᠴᠠᠯᠭ᠎ᠠ᠄ ᠬᠠᠷᠢᠶ᠎ᠠ ᠲᠣᠭᠤᠷᠢᠭ ᠲᠠᠬᠢ ᠬᠤᠲᠠ ᠶᠢᠨ ᠦᠵᠡᠮᠵᠢ᠂ ᠬᠤᠲᠠ ᠶᠢᠨ ᠪᠠᠶᠢᠳᠠᠯ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠭᠠᠯᠢ ᠲᠣᠭᠤᠷᠢᠭ ᠤᠨ ᠠᠳᠠᠯ ᠠᠬᠤᠢ᠂ ᠣᠯᠠᠨ ᠨᠡᠶᠢᠲᠡ ᠶᠢᠨ | ᠲᠥᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ ;ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠵᠤ | ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠥᠪ ᠢ ᠬᠢᠨᠠᠨ ᠰᠢᠯᠭᠠᠬᠤ᠂ | ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠳᠤ ᠣᠷᠣᠬᠤ ᠵᠡᠷᠭᠡ ᠠᠵᠢᠯ ᠢ ᠬᠠᠷᠢᠭᠤᠴᠠᠨ᠎ᠠ ;ᠬᠠᠷᠢᠶᠠᠲᠤ | ᠣᠷᠣᠨ ᠤ ᠳᠣᠲᠣᠷᠠᠬᠢ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠠᠵᠢᠯ ᠢ ᠬᠠᠷᠢᠭᠤᠴᠠᠨ᠎ᠠ ;ᠣᠯᠠᠨ | ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠰᠡᠷᠭᠡᠶᠢᠯᠡᠯᠲᠡ ᠪᠠ ᠪᠣᠯᠪᠠᠰᠤᠨ ᠬᠤᠲᠠ᠂ ᠡᠷᠡᠭᠦᠯ | ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠬᠤ | ᠬᠡᠷᠡᠭᠲᠡᠢ ;ᠬᠠᠷᠢᠶ᠎ᠠ ᠣᠷᠣᠨ ᠤ ᠳᠣᠲᠣᠷᠠᠬᠢ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ ᠪᠠ ᠬᠠᠷᠢᠶ᠎ᠠ | ᠣᠷᠣᠨ ᠤ ᠳᠣᠲᠣᠷᠠᠬᠢ ᠪᠠᠷᠢᠯᠭ᠎ᠠ ᠶᠢᠨ ᠵᠦᠢᠯᠡᠰ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠵᠢᠵᠢᠭ | ᠲᠣᠭᠤᠷᠢᠭ ᠤᠨ ᠲᠥᠯᠥᠪᠵᠢᠭᠦᠯᠭᠡ ᠶᠢ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ ;ᠵᠠᠬ᠎ᠠ | ᠳᠡᠯᠭᠡᠭᠦᠷ ᠲᠤ ᠬᠢᠨᠠᠯᠲᠠ ᠲᠠᠯᠪᠢᠬᠤ᠂ ᠣᠷᠴᠢᠨ ᠲᠣᠭᠤᠷᠢᠨ ᠢ ᠬᠠᠮᠠᠭᠠᠯᠠᠬᠤ᠂ ᠬᠠᠭᠤᠴᠢᠨ ᠵᠢᠵᠢᠭ ᠲᠣᠭᠤᠷᠢᠭ ᠢ | ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ | ᠥᠷᠨᠢᠭᠦᠯᠦᠨ᠎ᠡ᠃ | ᠬᠤᠶᠠᠷ᠂ ᠳᠡᠳ᠋ ᠰᠠᠯᠠᠭᠠᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ | ᠦᠢᠯᠡᠰ ᠤᠨ ᠨᠢᠭᠡᠴᠡ ᠶᠢ 3 ᠲᠣᠬᠢᠷᠠᠭᠤᠯᠤᠨ᠎ᠠ᠄ | ( ᠨᠢᠭᠡ ) ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ (ᠠᠷᠠᠤᠨ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠤᠨ ᠭᠠᠵᠠᠷ ᠤᠨ ᠫᠠᠶᠢᠰᠠ ) | ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ ᠭᠡᠰᠢᠭᠦᠨ ᠲᠦᠮᠡᠨ ᠳᠤ ᠦᠢᠯᠡᠴᠢᠯᠡᠬᠦ ᠲᠥᠷᠥᠯ ᠵᠦᠢᠯ ᠤᠨ ᠪᠦᠬᠦᠯᠢ | ᠴᠣᠭᠴᠠ ᠶᠢᠨ ᠪᠠᠶᠢᠷᠢᠯᠠᠭᠤᠯᠤᠯᠲᠠ᠂ ᠲᠣᠬᠢᠷᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ | ᠭᠡᠰᠢᠭᠦᠨ ᠪᠣᠯᠤᠨ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠤᠯᠭᠠᠭᠤᠷᠢ ᠲᠠᠪᠴᠠᠩ | ᠬᠠᠩᠭᠠᠨ᠎ᠠ ;ᠬᠠᠷᠢᠶᠠᠲᠤ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠬᠤ᠂ ᠲᠡᠭᠦᠨ ᠳᠤ ᠦᠢᠯᠡᠴᠢᠯᠡᠬᠦ ᠶᠢ | ᠬᠠᠷᠢᠭᠤᠴᠠᠨ᠎ᠠ ;ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭ᠎ᠠ ᠬᠢᠬᠦ ᠲᠠᠯᠠᠪᠤᠷ ᠭᠠᠵᠠᠷ ᠲᠤ | ᠦᠢᠯᠡᠴᠢᠯᠡᠬᠦ ᠴᠢᠳᠠᠪᠬᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠬᠤ ᠬᠡᠷᠡᠭᠲᠡᠢ ; | ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠢ | ᠬᠠᠷᠢᠭᠤᠴᠠᠨ᠎ᠠ ;ᠴᠡᠷᠢᠭ ᠤᠨ ᠠᠯᠪᠠᠨ᠋ᠠ᠋ᠴᠠ ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠲᠡᠳᠬᠦᠬᠦ᠂ ᠬᠠᠷᠠᠭᠠᠯᠵᠠᠨ ᠲᠡᠳᠬᠦᠬᠦ᠂ ᠪᠣᠯᠭᠤᠭᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ | ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ;ᠴᠡᠷᠢᠭ ᠢᠶᠠᠨ | ᠬᠦᠷᠢᠶᠡᠯᠡᠵᠦ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ ;ᠰᠢᠶᠠᠩ ᠪᠠᠯᠭᠠᠰᠤ ᠶᠢᠨ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ( ᠬᠤᠶᠠᠷ ) ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | ᠭᠤᠣᠯ ᠡᠭᠦᠷᠭᠡ ᠬᠠᠷᠢᠭᠤᠴᠠᠯᠭ᠎ᠠ᠄ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ᠋ᠠ᠋ᠴᠠ ᠣᠯᠭᠤᠭᠰᠠᠨ ᠰᠤᠮᠤ ᠰᠢᠶᠠᠩ ᠪᠠᠯᠭᠠᠰᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃ | (ᠭᠤᠷᠪᠠ) ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠢ ᠳᠡᠯᠭᠡᠷᠡᠭᠦᠯᠬᠦ ᠲᠥᠪ | ᠭᠤᠣᠯ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ | ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ ;ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ ;ᠲᠠᠷᠢᠶᠠᠴᠢᠨ ᠮᠠᠯᠴᠢᠳ ᠲᠤ | ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ ;ᠲᠤᠰᠬᠠᠢ | ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ | ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃ | | ᠠᠵᠢᠯᠯᠠᠬᠤ ᠴᠠᠭ᠄ ᠬᠠᠤᠯᠢ ᠳᠤ ᠲᠣᠭᠲᠠᠭᠠᠭᠰᠠᠨ ᠠᠵᠢᠯ ᠤᠨ ᠡᠳᠦᠷ 9᠄ 00—12᠄ 00 ;14 : 30 — | 18 : 00 ( ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠠᠮᠠᠷᠠᠯᠲᠠ ᠶᠢᠨ ᠡᠳᠦᠷ ᠪᠠᠭᠲᠠᠬᠤ ᠥᠬᠡᠢ ) | ᠠᠵᠢᠯᠯᠠᠬᠤ ᠭᠠᠵᠠᠷ᠄ ᠳᠥᠷᠪᠡᠳ ᠬᠤᠰᠢᠭᠤᠨ ᠤ ᠬᠦᠷᠢᠶᠡᠲᠦ ᠪᠠᠯᠭᠠᠰᠤ | ᠠᠯᠪᠠᠨ ᠭᠡᠷ ᠤᠨ ᠤᠲᠠᠰᠤ᠄ 0474 —5202676 | ᠰᠢᠤᠳᠠᠨ ᠨᠣᠮᠧᠷ᠄ 011800 | ᠬᠠᠷᠢᠭᠤᠴᠠᠯᠭᠠᠲᠠᠨ᠄ ᠶᠦᠨ ᠵᠢᠶᠠᠨ ᠰᠢᠨ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ | ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |