ᠭᠦᠩ ᠵᠢᠢ ᠳᠠᠩ ᠪᠠᠯᠭᠠᠰᠤᠨ ᠤ 2024 ᠣᠨ ᠤ ᠵᠢᠷᠭᠤᠳᠤᠭᠠᠷ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/7/1
      ᠭᠦᠩ ᠵᠢᠢ ᠳᠠᠩ ᠪᠠᠯᠭᠠᠰᠤᠨ ᠤ 2024 ᠣᠨ ᠤ ᠵᠢᠷᠭᠤᠳᠤᠭᠠᠷ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠦᠭᠰᠡᠨ           ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠰᠤᠷᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠠᠪᠤᠳᠠᠯ ᠢ ᠠᠬᠢᠭᠤᠯᠵᠤ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠪᠠᠷ ᠳᠠᠮᠵᠢᠭᠤᠯᠤᠨ᠂ ᠪᠠᠯᠭᠠᠰᠤᠨ ᠤ ᠨᠠᠮ ᠤᠨ  ᠬᠤᠷᠢᠶᠠᠨ ᠠᠴᠠ  ᠭᠦᠩ ᠵᠢᠢ ᠳᠠᠩ ᠪᠠᠯᠭᠠᠰᠤᠨ ᠤ 2024 ᠣᠨ ᠤ ᠵᠢᠷᠭᠤᠳᠤᠭᠠᠷ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠤᠨ ᠡᠳᠦᠷ ᠤᠨ ᠠᠵᠢᠯᠯᠠᠭᠠᠨ ᠤ ᠭᠤᠣᠯ ᠰᠡᠳᠦᠪ ᠨᠢ 《 ᠰᠡᠷᠡᠮᠵᠢᠯᠡᠭᠦᠯᠬᠦ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ 》 ᠪᠣᠯᠤᠨ᠎ᠠ᠃
7. 1.jpg
       ᠨᠠᠮ ᠤᠨ ᠡᠳᠦᠷ ᠤᠨ ᠠᠵᠢᠯᠯᠠᠭ᠎ᠠ ᠶᠢ 2024 ᠣᠨ ᠤ 6 ᠰᠠᠷ᠎ᠠ ᠶᠢᠨ 27 ᠤ ᠦᠳᠡ ᠶᠢᠨ ᠡᠮᠦᠨ᠎ᠡ ᠪᠠᠯᠭᠠᠰᠤᠨ ᠤ ᠶᠡᠭᠡ ᠬᠤᠷᠠᠯ ᠤᠨ ᠭᠡᠷ ᠲᠤ ᠡᠷᠬᠢᠯᠡᠨ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠠᠩ ᡁᠢ ᠭᠠᠩ ᠨᠥᠬᠦᠷ ᠡᠷᠬᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠠᠯᠭᠠᠰᠤᠨ ᠤ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ᠂ ᠪᠠᠯᠭᠠᠰᠤᠨ ᠤ ᠰᠢᠭᠤᠳ ᠬᠠᠷᠢᠶ᠎ᠠ ᠬᠤᠶᠠᠳᠤᠭᠠᠷ ᠳᠠᠪᠬᠤᠷᠭ᠎ᠠ ᠳᠠᠬᠢ ᠬᠠᠷᠢᠭᠤᠴᠠᠯᠭᠠᠲᠠᠨ᠂ ᠡᠯ᠎ᠡ ᠲᠣᠰᠬᠤᠨ ᠤ ᠡᠭᠦᠷ ᠤᠨ ᠱᠦᠵᠢ᠂ ᠡᠯ᠎ᠡ ᠲᠣᠰᠬᠤᠨ ᠤ ᠨᠢᠭᠡᠳᠦᠭᠡᠷ ᠱᠦᠵᠢ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃        ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠣ ᠹᠧᠩ ᠨᠥᠬᠦᠷ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ 》 ᠳᠠᠬᠢ ᠨᠠᠮ ᠤᠨ ᠭᠡᠰᠢᠭᠦᠨ ᠤ ᠡᠭᠦᠷᠭᠡ ᠪᠣᠯᠤᠨ ᠡᠷᠬᠡ ᠶᠢᠨ ᠲᠤᠬᠠᠢ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠵᠠᠩ ᡁᠢ ᠭᠠᠩ ᠨᠥᠬᠦᠷ ᠤᠨ ᠤᠯᠠᠮᠵᠢᠯᠠᠨ ᠰᠤᠷᠤᠯᠴᠠᠬᠤ ᠲᠤᠬᠠᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠠᠢ᠃        ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠥᠯᠵᠡᠢ ᠨᠥᠬᠦᠷ ᠤᠨ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ 》 ᠢ ᠤᠯᠠᠮᠵᠢᠯᠠᠨ ᠰᠤᠷᠤᠯᠴᠠᠬᠤ ᠲᠠᠶᠢᠯᠤᠮᠵᠢ᠃        ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠰᠥᠩ ᠺᠧ ᠯᠢᠨ ᠨᠥᠬᠦᠷ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ ᠶᠢ ᠤᠯᠠᠮᠵᠢᠯᠠᠨ ᠰᠤᠷᠤᠯᠴᠠᠪᠠ᠃ ᠪᠠᠯᠭᠠᠰᠤᠨ ᠤ ᠵᠣᠬᠢᠶᠠᠨ ᠪᠠᠶᠢᠭᠤᠯᠬᠤ ᠭᠡᠰᠢᠭᠦᠨ ᠯᠢ ᠭᠦᠸᠧ ᠷᠦᠩ ᠨᠥᠬᠦᠷ ᠪᠥᠬᠦ ᠤᠯᠤᠰ ᠤᠨ ᠬᠤᠲᠠ᠂ ᠵᠧᠦ᠂ ᠠᠶᠢᠮᠠᠭ ᠤᠨ ᠨᠠᠮ ᠤᠨ ᠬᠤᠷᠢᠶᠠᠨ ᠤ ᠬᠡᠰᠡᠭ ᠬᠠᠮᠢᠶᠠᠷᠤᠯᠲᠠ ᠶᠢᠨ ᠳᠡᠳ᠋ ᠰᠠᠶᠢᠳ ᠨᠠᠷ ᠤᠨ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢᠨ ᠬᠠᠮᠢᠶ᠎ᠠ ᠪᠥᠬᠦᠢ ᠠᠭᠤᠯᠭ᠎ᠠ ᠶᠢ ᠲᠠᠨᠢᠯᠴᠠᠭᠤᠯᠵᠠᠢ᠃        ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠲᠠᠰᠤᠭ ᠤᠨ ᠳᠠᠷᠤᠭ᠎ᠠ ᠾᠧ ᠰᠢᠶᠣᠤ ᠬᠤᠢ ᠶᠢ ᠤᠷᠢᠵᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃        ᠬᠠᠮᠤᠭ ᠰᠡᠭᠦᠯ ᠳᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷ᠎ᠡ ᠨᠡᠶᠢᠲᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ 》 ᠢ ᠤᠬᠠᠭᠤᠯᠵᠤ ᠲᠤᠤᠱᠯᠠᠭᠤᠯᠬᠤ ᠶᠢᠨ ᠲᠣᠭᠤᠷᠢᠨ ᠳᠤ᠂ ᠪᠦᠬᠦ ᠨᠥᠬᠦᠳ ᠲᠤ ᠰᠠᠬᠢᠯᠭ᠎ᠠ ᠪᠠᠲᠤ ᠨᠠᠮ ᠤᠨ ᠬᠢᠴᠢᠶᠡᠯ ᠣᠷᠣᠬᠤ ᠪᠣᠯᠤᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2