ᠳᠥᠷᠪᠡᠳ ᠬᠤᠰᠢᠭᠤᠨ ᠤ  ᠬᠤᠰᠢᠭᠤ‌‍ᠤ ᠨᠠᠮ ᠤᠨ  ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠰᠤᠷᠤᠯᠴᠠᠬᠤ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ   ᠡᠷᠬᠢᠯᠡᠭᠰᠡᠨ
ᠨᠡᠶᠢᠲᠡᠯᠡᠭᠰᠡᠨ ᠴᠠᠭ᠄
2024/7/1
      ᠳᠥᠷᠪᠡᠳ ᠬᠤᠰᠢᠭᠤᠨ ᠤ  ᠬᠤᠰᠢᠭᠤ‌‍ᠤ ᠨᠠᠮ ᠤᠨ  ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠰᠤᠷᠤᠯᠴᠠᠬᠤ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ   ᠡᠷᠬᠢᠯᠡᠭᠰᠡᠨ           6 ᠰᠠᠷ᠎ᠠ ᠶᠢᠨ 27 ᠤ ᠡᠳᠦᠷ᠂ ᠳᠥᠷᠪᠡᠳ ᠬᠤᠰᠢᠭᠤᠨ ᠤ ᠨᠠᠮ ᠤᠨ ᠬᠤᠷᠢᠶ᠎ᠠ ᠨᠢ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠰᠤᠷᠤᠯᠴᠠᠬᠤ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠡᠷᠬᠢᠯᠡᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠣᠷᠣᠯᠴᠠᠵᠤ ᠶᠠᠷᠢᠶ᠎ᠠ ᠲᠠᠯᠪᠢᠵᠠᠢ᠃
7.1+1.jpg
      ᠬᠤᠷᠠᠯ ᠨᠢ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠭᠦᠯᠬᠦ᠂ ᠲᠤᠰᠬᠠᠢ ᠰᠡᠳᠦᠪ ᠤᠨ ᠲᠠᠶᠢᠯᠤᠮᠵᠢ ᠬᠢᠬᠦ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠵᠠᠢ᠃ ᠡᠨᠡ ᠬᠤᠭᠤᠴᠠᠭᠠᠨ ᠳᠤ ᠤᠯᠠᠭᠠᠨᠴᠠᠪ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠤᠨ ᠳᠥᠷᠪᠡᠳ ᠬᠤᠰᠢᠭᠤᠨ ᠤ ᠬᠤᠴᠣᠷᠭᠠᠨ ᠬᠠᠮᠢᠶᠠᠷᠬᠤ ᠬᠤᠪᠢᠶᠠᠷᠢ ᠲᠥᠪ᠂ ᠳᠥᠷᠪᠡᠳ ᠬᠤᠰᠢᠭᠤᠨ ᠤ ᠬᠤᠷᠢᠭᠤᠯ ᠤᠨ ᠭᠠᠵᠠᠷ ᠬᠦᠷᠴᠦ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠠᠬᠢᠴᠠ ᠶᠢ ᠲᠣᠭᠤᠷᠢᠨ ᠦᠵᠡᠪᠡ᠃ 
7.1+2.jpg
      ᠢᠦᠢ ᠳ᠋ᠠᠢ ᠴᠢᠩ ᠬᠡᠯᠡᠬᠦ ᠳᠡᠭᠡᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠮᠵᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠥᠪᠡᠷ ᠤᠨ ᠬᠤᠪᠢᠰᠬᠠᠯ ᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠦᠨᠳᠦᠰᠦᠨ ᠵᠢᠷᠤᠮᠯᠠᠯ ᠢ ᠬᠠᠩᠭᠠᠵᠠᠶ᠃ ᠪᠢᠳᠡ 《 ᠨᠠᠢᠮᠠᠨ ᠭᠦᠨᠵᠡᠭᠡᠢ ᠣᠶᠢᠯᠠᠭᠠᠵᠤ᠂ ᠨᠠᠢᠮᠠᠨ ᠣᠨᠣᠪᠴᠢᠲᠠᠢ ᠡᠵᠡᠮᠰᠢᠬᠦ 》 ᠶᠢ ᠭᠦᠨᠵᠡᠭᠡᠢ ᠰᠤᠷᠤᠯᠴᠠᠵᠤ᠂ 《 ᠵᠢᠷᠭᠤᠭᠠᠨ ᠵᠦᠢᠯ ᠤᠨ ᠰᠠᠬᠢᠯᠭ᠎ᠠ ᠪᠠᠲᠤ 》 ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠵᠦ᠂ ᠨᠡᠩ ᠥᠨᠳᠥᠷ ᠪᠠᠷᠢᠮᠵᠢᠶ᠎ᠠ ᠶᠢ ᠪᠣᠢ ᠪᠣᠯᠭᠠᠨ᠂ ᠨᠡᠩ ᠴᠢᠩᠭ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠲᠣᠭᠲᠠᠭᠠᠬᠤ ᠬᠦᠴᠦᠨ᠂ ᠶᠣᠰᠣ ᠮᠣᠷᠠᠯ ᠤᠨ ᠲᠣᠭᠲᠠᠯ ᠬᠦᠴᠦᠨ᠂ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠰᠤᠷᠤᠯᠴᠠᠬᠤ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠳᠠᠭᠠᠭᠠᠨ ᠪᠣᠳᠠᠲᠠᠢ ᠬᠢᠬᠦ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠥᠪᠡᠷ ᠢ ᠪᠠᠨ ᠰᠡᠷᠡᠮᠵᠢᠯᠡᠭᠦᠯᠦᠨ ᠰᠡᠷᠡᠮᠵᠢᠯᠡᠬᠦ ᠪᠠ ᠥᠪᠡᠷ ᠢ ᠪᠠᠨ ᠬᠢᠵᠠᠭᠠᠷᠯᠠᠬᠤ ᠶᠢ ᠴᠢᠩᠭᠠᠷᠠᠭᠤᠯᠵᠤ᠂ ᠬᠠᠤᠯᠢ ᠴᠠᠭᠠᠵᠠ ᠶᠢᠨ ᠰᠡᠷᠡᠮᠵᠢᠯᠡᠯ ᠤᠨ ᠱᠤᠭᠤᠮ᠂ ᠰᠠᠬᠢᠯᠭ᠎ᠠ ᠪᠠᠲᠤ ᠶᠢᠨ ᠰᠡᠷᠡᠮᠵᠢᠯᠡᠯ ᠤᠨ ᠱᠤᠭᠤᠮ᠂ ᠳᠦᠷᠢᠮ ᠤᠨ ᠰᠡᠷᠡᠮᠵᠢᠯᠡᠯ ᠤᠨ ᠱᠤᠭᠤᠮ᠂ ᠳᠦᠷᠢᠮ ᠤᠨ ᠰᠡᠷᠡᠮᠵᠢᠯᠡᠯ ᠢ ᠴᠠᠭ ᠢᠮᠠᠭᠲᠠ ᠪᠠᠲᠤ ᠴᠡᠭᠡᠵᠢᠯᠡᠵᠦ᠂ ᠰᠠᠬᠢᠯᠭ᠎ᠠ ᠪᠠᠲᠤ ᠬᠠᠤᠯᠢ ᠶᠢᠨ ᠵᠣᠷᠢᠭ ᠰᠠᠨᠠᠭ᠎ᠠ᠂ ᠰᠠᠬᠢᠯᠭ᠎ᠠ ᠪᠠᠲᠤ ᠬᠠᠤᠯᠢ ᠶᠢᠨ ᠱᠠᠭᠠᠷᠳᠠᠯᠭ᠎ᠠ᠂ ᠰᠠᠬᠢᠯᠭ᠎ᠠ ᠪᠠᠲᠤ ᠬᠠᠤᠯᠢ ᠶᠢᠨ ᠵᠠᠭᠠᠭ ᠢ ᠪᠣᠳᠠᠲᠠᠢ ᠪᠥᠭᠡᠳ ᠬᠡᠷᠡᠭᠵᠢᠭᠦᠯᠵᠦ᠂ ᠳᠣᠲᠣᠷ᠎ᠠ ᠪᠠᠨ ᠰᠡᠷᠡᠮᠵᠢᠯᠡᠬᠦ᠂ ᠠᠵᠢᠯ ᠬᠢᠪᠡᠰᠦ ᠵᠣᠬᠢᠬᠤ ᠬᠡᠮᠵᠢᠶ᠎ᠡ ᠪᠠᠷ ᠵᠣᠭᠰᠣᠭᠠᠬᠤ ᠶᠢ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠡ ᠤᠶᠠᠯᠳᠤᠭᠤᠯᠵᠤ᠂ ᠨᠡᠩ ᠲᠡᠭᠦᠯᠳᠡᠷ ᠬᠠᠯᠠᠭᠤᠨ ᠰᠡᠳᠬᠢᠯᠭᠡ᠂ ᠨᠡᠩ ᠴᠢᠩᠭ᠎ᠠ ᠣᠪᠣᠷ ᠰᠤᠷᠲᠠᠯ᠂ ᠨᠡᠩ ᠡᠷᠡᠯᠬᠡᠭᠯᠡᠨ ᠤᠷᠤᠭᠰᠢᠯᠠᠬᠤ ᠳᠦᠷᠢ ᠲᠥᠷᠬᠦ ᠪᠠᠷ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠠᠯᠳᠠᠯ ᠦᠭᠡᠢ ᠠᠩᠬᠠᠷᠴᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃
7.1+3.jpg
      ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠢ ᠭᠡᠷ ᠲᠤ ᠪᠠᠨ ᠤᠳᠤᠷᠢᠳᠴᠤ᠂ ᠰᠤᠮᠤ ᠰᠡᠶᠡᠩ ᠪᠠᠯᠭᠠᠰᠤ᠂ ᠬᠤᠰᠢᠭᠤᠨ ᠤ ᠰᠢᠭᠤᠳ ᠬᠠᠷᠢ ᠪᠠᠨ ᠪᠠᠶᠢᠭᠤᠯᠤᠯᠭ᠎ᠠ ᠶᠢᠨ ᠭᠤᠣᠯ ᠬᠠᠷᠢᠭᠤᠴᠠᠯᠭᠠᠲᠠᠨ ᠣᠷᠣᠯᠴᠠᠵᠠᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2