ᠠᠮᠲᠠᠲᠤ ᠢᠳᠡᠭᠡᠨ ᠤ ᠰᠣᠶᠣᠯ ᠢ ᠪᠠᠳᠠᠷᠠᠭᠤᠯᠤᠨ ᠰᠣᠶᠣᠯ ᠵᠢᠭᠤᠯᠴᠢᠯᠠᠯ ᠤᠨ ᠤᠶᠠᠯᠳᠤᠯ ᠢ ᠠᠬᠢᠭᠤᠯᠤᠨᠠᠮ | | ᠣᠶᠢᠷ᠎ᠠ ᠶᠢᠨ ᠵᠢᠯ ᠠᠴᠠ ᠨᠡᠰᠢ᠂ ᠮᠠᠨ ᠤ ᠬᠤᠰᠢᠭᠤ ᠠᠮᠲᠠᠲᠤ ᠢᠳᠡᠭᠡᠨ ᠤ ᠡᠬᠢ ᠪᠠᠶᠠᠯᠢᠭ ᠢ ᠭᠦᠢᠴᠡᠳ | ᠠᠭᠤᠳᠠᠯᠤᠨ᠂ ᠤᠯᠠᠮᠵᠢᠯᠠᠯᠲᠤ ᠠᠮᠲᠠᠲᠤ ᠢᠳᠡᠭᠡᠨ ᠤ ᠰᠣᠶᠣᠯ ᠢ ᠪᠠᠳᠠᠷᠠᠭᠤᠯᠵᠤ᠂《ᠢᠳᠡᠭᠡᠨ ᠢᠶᠠᠷ ᠵᠠᠭᠤᠴᠢ | ᠪᠣᠯᠭᠠᠬᠤ》ᠦᠢᠯᠡᠳᠦᠯ ᠢ ᠢᠳᠡᠪᠬᠢᠲᠡᠢ ᠪᠠᠳᠠᠷᠠᠭᠤᠯᠤᠨ᠂《ᠲᠠᠷᠢᠶᠠᠯᠠᠩ ᠮᠠᠯ ᠠᠵᠤ ᠠᠬᠤᠢ ᠰᠣᠶᠣᠯ | ᠵᠢᠭᠤᠯᠴᠢᠯᠠᠯ》 ᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠵᠦ᠂ ᠠᠮᠲᠠᠲᠤ ᠢᠳᠡᠭᠡᠨ ᠤ ᠲᠥᠷᠥᠯ ᠲᠡᠮᠳᠡᠭᠳᠦ ᠠᠴᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢᠶᠠᠷ ᠵᠠᠮᠨᠠᠵᠤ᠂ ᠣᠷᠣᠨ ᠨᠤᠲᠤᠭ ᠤᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ | ᠤᠯᠠᠭᠠᠨᠬᠤᠸᠠ ᠪᠠᠯᠭᠠᠰᠤᠨ ᠤ ᠵᠡᠭᠦᠨ ᠤᠷᠤᠢ ᠶᠢᠨ ᠲᠠᠪᠤᠨ ᠴᠤᠯᠤ ᠶᠢᠨ ᠱᠥᠯᠥ ᠨᠢ ᠲᠤᠬᠠᠢ ᠶᠢᠨ ᠭᠠᠵᠠᠷ ᠤᠨ | ᠣᠨᠴᠠᠯᠢᠭᠲᠤ ᠠᠮᠲᠠᠲᠤ ᠢᠳᠡᠭᠡᠨ ᠤ ᠱᠣᠰᠢᠭ᠎ᠠ ᠲᠡᠮᠳᠡᠭ ᠪᠣᠯᠤᠨ᠎ᠠ᠃ ᠲᠤᠬᠠᠢ ᠶᠢᠨ ᠭᠠᠵᠠᠷ ᠤᠨ ᠬᠦᠮᠦᠨ ᠤ ᠨᠢᠭᠡ | ᠡᠳᠦᠷ ᠤᠨ ᠠᠮᠢᠳᠤᠷᠠᠯ ᠨᠢᠭᠡ ᠠᠶᠠᠭ᠎ᠠ ᠲᠠᠪᠤᠨ ᠴᠤᠯᠤ ᠶᠢᠨ ᠱᠥᠯᠥ ᠠᠴᠠ ᠡᠬᠢᠯᠡᠵᠦ᠂ ᠲᠠᠨ ᠳᠤ ᠲᠠᠯ᠎ᠠ ᠨᠤᠲᠤᠭ ᠤᠨ | ᠣᠨᠴᠠᠯᠢᠭᠲᠤ ᠠᠮᠲᠠᠲᠤ ᠢᠳᠡᠭᠡᠨ ᠢ ᠠᠮᠲᠠᠷᠬᠠᠭᠤᠯᠵᠤ᠂ ᠲᠠᠯ᠎ᠠ ᠨᠤᠲᠤᠭ ᠤᠨ ᠭᠤᠶᠢᠳᠠ ᠰᠠᠶᠢᠬᠠᠨ ᠢ ᠰᠣᠨᠢᠷᠬᠠᠭᠤᠯᠵᠤ | ᠂ ᠲᠠᠯ᠎ᠠ ᠨᠤᠲᠤᠭ ᠤᠨ ᠥᠪᠡᠷᠮᠢᠴᠡ ᠵᠠᠩ ᠦᠢᠯᠡ ᠶᠢ ᠡᠳ᠋ᠯᠡᠭᠦᠯᠦᠨ᠎ᠡ᠃ | ᠳᠥᠷᠪᠡᠳ ᠬᠤᠰᠢᠭᠤ ᠭᠠᠵᠠᠷ ᠣᠷᠣᠨ ᠤ ᠣᠨᠴᠠᠯᠢᠭᠲᠤ ᠠᠮᠲᠠᠲᠤ ᠢᠳᠡᠭᠡᠨ ᠢᠶᠠᠷ ᠢᠳᠡᠭᠡᠨ ᠤᠮᠳᠠᠭᠠᠨ ᠤ | ᠰᠣᠶᠣᠯ ᠤᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢ ᠠᠬᠢᠭᠤᠯᠵᠤ᠂ 《ᠰᠣᠶᠣᠯ ᠢᠶᠠᠷ | ᠵᠢᠭᠤᠯᠴᠢᠯᠠᠯ᠂ ᠵᠢᠭᠤᠯᠴᠢᠯᠠᠯ ᠢᠶᠠᠷ ᠰᠤᠶᠤᠯ ᠢ ᠬᠦᠭᠵᠢᠭᠦᠯᠬᠦ》 ᠶᠢ ᠪᠠᠷᠢᠮᠲᠠᠯᠠᠨ᠂ ᠨᠠᠶᠢᠷ ᠨᠠᠭᠠᠳᠤᠮ ᠪᠠᠶᠠᠷ | ᠳᠤᠷᠠᠰᠬᠠᠯ ᠤᠨ ᠠᠵᠢᠯᠯᠠᠭ᠎ᠠ ᠶᠢᠨ ᠬᠡᠯᠪᠡᠷᠢ ᠶᠢ ᠪᠠᠶᠠᠯᠢᠭᠵᠢᠭᠤᠯᠤᠨ ᠰᠢᠨ᠎ᠡ ᠶᠢ ᠡᠭᠦᠳᠴᠦ᠂ ᠬᠥᠮᠦᠰ ᠢ ᠬᠥᠲᠥᠯᠦᠨ | ᠵᠢᠯᠣᠭᠤᠳᠴᠤ ᠪᠠᠶᠢᠭᠠᠳ ᠲᠤᠬᠠᠢ ᠶᠢᠨ ᠭᠠᠵᠠᠷ ᠤᠨ ᠠᠮᠲᠠᠲᠤ ᠢᠳᠡᠭᠡᠨ ᠤ ᠰᠣᠶᠣᠯ ᠢ ᠣᠶᠢᠯᠠᠭᠠᠭᠤᠯᠵᠤ᠂ ᠡᠬᠢ | ᠪᠠᠶᠠᠯᠢᠭ ᠤᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠳᠥᠷᠪᠡᠳ | ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠳᠦᠷᠢ ᠲᠥᠷᠬᠦ ᠶᠢᠨ ᠰᠢᠨᠡᠴᠢᠯᠡᠯᠲᠡ ᠶᠢ ᠲᠦᠷᠭᠡᠳᠬᠡᠵᠤ ᠪᠠᠶᠢᠨ᠎ᠠ᠃ | | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠸᠧᠢ ᠱᠧᠦ ᠭᠠᠩ ᠳ᠋ᠦᠩ ᠵᠢᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |