ᠬᠤᠶᠠᠷ ᠡᠷᠭᠢ ᠶᠢᠨ ᠵᠠᠯᠠᠭᠤᠴᠤᠳ ᠤᠨ ᠬᠠᠷᠢᠯᠴᠠᠨ ᠰᠤᠳᠤᠯᠤᠨ ᠰᠤᠷᠤᠯᠴᠠᠬᠤ ᠬᠤᠸᠠᠷᠠᠨ᠂ ᠥᠪᠥᠷ ᠮᠣᠩᠭᠤᠯ ᠤᠨ ᠤᠮᠠᠷᠠᠲᠤ ᠬᠢᠯᠢ ᠶᠢᠨ ᠰᠣᠶᠣᠯ ᠤᠨ ᠰᠤᠳᠤᠯᠤᠯ ᠤᠨ ᠵᠤᠭᠠᠴᠠᠯ ᠮᠠᠨ ᠤ ᠬᠤᠰᠢᠭᠤᠨ ᠳᠤ
ᠨᠡᠶᠢᠲᠡᠯᠡᠭᠰᠡᠨ ᠴᠠᠭ᠄
2024/7/21
      ᠬᠤᠶᠠᠷ ᠡᠷᠭᠢ ᠶᠢᠨ ᠵᠠᠯᠠᠭᠤᠴᠤᠳ ᠤᠨ ᠬᠠᠷᠢᠯᠴᠠᠨ ᠰᠤᠳᠤᠯᠤᠨ ᠰᠤᠷᠤᠯᠴᠠᠬᠤ ᠬᠤᠸᠠᠷᠠᠨ᠂ ᠥᠪᠥᠷ ᠮᠣᠩᠭᠤᠯ ᠤᠨ ᠤᠮᠠᠷᠠᠲᠤ ᠬᠢᠯᠢ ᠶᠢᠨ ᠰᠣᠶᠣᠯ ᠤᠨ ᠰᠤᠳᠤᠯᠤᠯ ᠤᠨ ᠵᠤᠭᠠᠴᠠᠯ ᠮᠠᠨ ᠤ ᠬᠤᠰᠢᠭᠤᠨ ᠳᠤ               ᠣᠶᠢᠷ᠎ᠠ ᠳᠤ᠂ ᠬᠤᠶᠠᠷ ᠡᠷᠭᠢ ᠶᠢᠨ ᠵᠠᠯᠠᠭᠤᠴᠤᠳ ᠤᠨ ᠬᠠᠷᠢᠯᠴᠠᠨ ᠰᠤᠳᠤᠯᠤᠨ ᠰᠤᠷᠤᠯᠴᠠᠬᠤ ᠬᠤᠸᠠᠷᠠᠨ᠂ ᠥᠪᠥᠷ ᠮᠣᠩᠭᠤᠯ ᠤᠨ ᠤᠮᠠᠷᠠᠲᠤ ᠬᠢᠯᠢ ᠶᠢᠨ ᠰᠣᠶᠣᠯ ᠤᠨ ᠰᠤᠳᠤᠯᠤᠯ ᠤᠨ ᠵᠤᠭᠠᠴᠠᠯ ᠤᠨ ᠬᠢᠨ᠂ ᠲᠠᠶᠢᠸᠠᠨ ᠤ 20 ᠭᠠᠷᠤᠢ ᠳᠤᠮᠳᠠᠳᠤ ᠰᠤᠷᠭᠠᠭᠤᠯᠢ ᠶᠢᠨ 66 ᠪᠠᠭᠰᠢ ᠰᠤᠷᠤᠭᠴᠢᠳ 5 ᠡᠳᠦᠷ ᠤᠨ ᠬᠤᠭᠤᠴᠠᠭ᠎ᠠ ᠲᠠᠢ ᠥᠪᠥᠷ ᠮᠣᠩᠭᠤᠯ ᠤᠨ ᠤᠮᠠᠷᠠᠲᠤ ᠬᠢᠯᠢ ᠶᠢᠨ ᠠᠶᠠᠯᠠᠯ ᠮᠠᠨ ᠤ ᠬᠤᠰᠢᠭᠤᠨ ᠳᠤ ᠡᠬᠢᠯᠡᠭᠦᠯᠦᠭᠰᠡᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠭᠤᠸ᠎ᠠ ᠪᠠᠷ᠎ᠠ ᠪᠣᠯᠤᠭᠰᠠᠨ ᠪᠠᠶᠢᠨ᠎ᠠ᠃        ᠳᠥᠷᠪᠡᠳ ᠬᠤᠰᠢᠭᠤ ᠨᠢ ᠡᠨᠡ ᠤᠳᠠᠭ᠎ᠠ ᠶᠢᠨ ᠬᠠᠷᠢᠯᠴᠠᠨ ᠰᠤᠳᠤᠯᠤᠨ ᠰᠤᠷᠤᠯᠴᠠᠬᠤ ᠠᠶᠠᠯᠠᠯ ᠵᠢᠭᠤᠯᠴᠢᠯᠠᠯ ᠤᠨ ᠠᠩᠬᠠᠨ ᠤ ᠴᠡᠭ ᠪᠣᠯᠤᠭᠰᠠᠨ᠂ ᠡᠨᠡ ᠤᠳᠠᠭ᠎ᠠ ᠶᠢᠨ ᠬᠠᠷᠢᠯᠴᠠᠨ ᠰᠤᠳᠤᠯᠤᠨ ᠰᠤᠷᠤᠯᠴᠠᠬᠤ ᠶᠢᠨ  ᠬᠢᠨ ᠪᠠᠭᠰᠢ ᠰᠤᠷᠤᠭᠴᠢᠳ᠂ ᠬᠤᠪᠢᠯᠭᠠᠨ ᠵᠠᠪᠢ ᠲᠠᠪᠤᠳᠤᠭᠠᠷ ᠨᠣᠮᠧᠷᠲᠦ ᠶᠢᠨ ᠪᠠᠭᠤᠯᠲᠠ ᠶᠢᠨ ᠭᠠᠵᠠᠷ᠂ ᠰᠢᠮᠢᠨ ᠭᠤᠣᠯ ᠬᠥᠮᠦᠵᠢᠯ ᠪᠣᠯᠪᠠᠰᠤᠷᠠᠯ ᠤᠨ ᠲᠥᠪ᠂ ᠬᠤᠩᠭᠤᠷ ᠰᠤᠮᠤ ᠶᠢᠨ ᠮᠠᠯᠴᠢᠨ ᠠᠶᠢᠯ᠂ ᠮᠣᠩᠭᠤᠯ ᠳᠤᠮᠳᠠᠳᠤ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠮᠠᠨ ᠤ ᠤᠯᠤᠰ ᠤᠨ ᠰᠠᠨᠰᠠᠷ ᠠᠶᠠᠯᠠᠯ ᠤᠨ ᠦᠢᠯᠡᠰ ᠤᠨ ᠬᠥᠭᠵᠢᠯᠲᠡ ᠶᠢᠨ ᠶᠠᠪᠤᠴᠠ ᠶᠢ ᠨᠠᠷᠢᠨ ᠣᠶᠢᠯᠠᠭᠠᠵᠤ᠂ ᠲᠤᠬᠠᠢ ᠶᠢᠨ ᠭᠠᠵᠠᠷ ᠤᠨ ᠳᠤᠮᠳᠠᠳᠤ ᠰᠤᠷᠭᠠᠭᠤᠯᠢ ᠳᠤ  ᠪᠠᠭᠰᠢ ᠰᠤᠷᠤᠭᠴᠢᠳ ᠲᠠᠢ ᠰᠣᠯᠢᠯᠴᠠᠭ᠎ᠠ ᠬᠢᠵᠦ᠂ ᠰᠦ ᠲᠠᠢ ᠴᠠᠢ ᠴᠢᠨᠠᠬᠤ᠂ ᠬᠠᠳᠬᠤᠮᠠᠯ᠂ ᠪᠥᠬᠡ ᠪᠠᠷᠢᠯᠳᠤᠬᠤ᠂ ᠰᠤᠷ ᠬᠠᠷᠪᠤᠬᠤ ᠵᠡᠷᠭᠡ ᠦᠨᠳᠦᠰᠦᠲᠡᠨ ᠤ ᠤᠯᠠᠮᠵᠢᠯᠠᠯᠲᠤ ᠰᠣᠶᠣᠯ ᠢ ᠣᠶᠢᠯᠠᠭᠠᠵᠤ᠂ ᠡᠨᠡ ᠤᠳᠠᠭ᠎ᠠ ᠶᠢᠨ ᠬᠠᠷᠢᠯᠴᠠᠨ ᠰᠤᠳᠤᠯᠤᠨ ᠰᠤᠷᠤᠯᠴᠠᠬᠤ ᠠᠶᠠᠯᠠᠯ ᠨᠢ ᠲᠤᠬᠠᠢ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠬᠤ᠂ ᠰᠣᠶᠣᠯ ᠢ ᠣᠶᠢᠯᠠᠭᠠᠬᠤ᠂ ᠰᠣᠯᠢᠯᠴᠠᠭ᠎ᠠ ᠬᠢᠵᠦ ᠬᠠᠷᠢᠯᠴᠠᠨ ᠠᠬᠢᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠬᠤᠶᠠᠷ ᠡᠷᠭᠢ ᠶᠢᠨ ᠬᠢᠨ ᠤ ᠪᠡᠶ᠎ᠡ ᠪᠡᠶ᠎ᠡ ᠶᠢᠨ ᠢᠶᠠᠨ ᠣᠶᠢᠯᠠᠭᠠᠯᠴᠠᠯ ᠢ ᠵᠤᠵᠠᠭᠠᠳᠬᠠᠵᠤ᠂ ᠨᠥᠬᠦᠷᠯᠡᠯ ᠢ ᠤᠯᠠᠮ ᠬᠦᠨᠵᠡᠭᠡᠶᠢᠷᠡᠭᠦᠯᠦᠭᠰᠡᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠭᠡᠭᠡᠨᠲᠠᠨ᠎ᠠ    ᠬᠦᠰᠡᠯᠡᠩ  ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2