ᠢᠦᠢ ᠳ᠋ᠠᠢ ᠴᠢᠩ ᠬᠤᠰᠢᠭᠤ ᠨᠠᠮ ᠤᠨ ᠬᠤᠷᠢᠶᠠᠨ᠋ ᠤ ᠪᠠᠶᠢᠩᠭᠤ ᠶᠢᠨ ᠬᠤᠷᠠᠯ ᠢ ᠡᠷᠬᠢᠯᠡᠨ  ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2024/7/21
       ᠢᠦᠢ ᠳ᠋ᠠᠢ ᠴᠢᠩ ᠬᠤᠰᠢᠭᠤ ᠨᠠᠮ ᠤᠨ ᠬᠤᠷᠢᠶᠠᠨ᠋ ᠤ ᠪᠠᠶᠢᠩᠭᠤ ᠶᠢᠨ ᠬᠤᠷᠠᠯ ᠢ ᠡᠷᠬᠢᠯᠡᠨ  ᠬᠤᠷᠠᠯᠳᠤᠭᠤᠯᠤᠭᠰᠠᠨ                    ᠤᠶᠢᠷ᠎ᠠ ᠳᠤ᠂ ᠬᠤᠰᠢᠭᠤ ᠨᠠᠮ ᠤᠨ ᠬᠤᠷᠢᠶᠠᠨ᠋ ᠤ ᠱᠦᠵᠢ ᠢᠦᠢ ᠳ᠋ᠠᠢ ᠴᠢᠩ ᠬᠤᠰᠢᠭᠤ ᠨᠠᠮ ᠤᠨ ᠬᠤᠷᠢᠶᠠᠨ᠋ ᠤ ᠪᠠᠶᠢᠩᠭᠤ ᠶᠢᠨ ᠬᠤᠷᠠᠯ ᠢ ᠡᠷᠬᠢᠯᠡᠨ  ᠬᠤᠷᠠᠯᠳᠤᠭᠤᠯᠤᠭᠰᠠᠨ ᠪᠠᠶᠢᠨ᠎ᠠ᠃        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠋ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠋ ᠤ ᠤᠶᠢᠷ᠎ᠠ ᠶᠢᠨ ᠬᠤᠭᠤᠴᠠᠭᠠᠨ᠋ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤ ᠨᠠᠮ ᠤᠨ ᠬᠤᠷᠢᠶᠠᠨ᠋ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠳᠣᠣᠷᠠᠳᠤ ᠱᠠᠲᠤᠨ᠋ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠋ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠢ ᠠᠬᠤᠢ ᠶᠢᠨ ᠣᠷᠴᠢᠨ ᠲᠣᠭᠤᠷᠢᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠠᠵᠢᠯ ᠳᠤ ᠰᠤᠳᠤᠯᠤᠨ ᠪᠠᠢᠷᠢᠯᠠᠭᠤᠯᠤᠯᠲᠠ ᠬᠢᠭᠰᠡᠨ ᠪᠠᠶᠢᠨ᠎ᠠ᠃         ᠬᠤᠰᠢᠭᠤ ᠨᠠᠮ ᠤᠨ ᠬᠤᠷᠢᠶᠠᠨ᠋ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠤᠯᠤᠰ ᠲᠦᠷᠦ ᠶᠢᠨ ᠵᠥᠪᠯᠡᠯᠭᠡᠨ᠋ ᠤ ᠲᠡᠷᠢᠭᠦᠯᠡᠭᠴᠢ ᠠᠯᠲᠠ᠂ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ  ᠣᠷᠣᠯᠴᠠᠵᠠᠢ ᠃  ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠯᠢ ᠨᠢᠩ    ᠷᠧᠨ ᠫᠧᠩ  ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2