ᠢᠦᠢ ᠳ᠋ᠠᠢ ᠴᠢᠩ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2024/7/21
      ᠢᠦᠢ ᠳ᠋ᠠᠢ ᠴᠢᠩ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠤᠭᠰᠠᠨ              ᠤᠶᠢᠷ᠎ᠠ ᠳᠤ᠂ ᠬᠤᠰᠢᠭᠤ ᠨᠠᠮ ᠤᠨ ᠬᠤᠷᠢᠶᠠᠨ᠋ ᠤ ᠱᠦᠵᠢ ᠢᠦᠢ ᠳ᠋ᠠᠢ ᠴᠢᠩ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠤᠭᠰᠠᠨ᠂ ᠪᠦᠬᠦ ᠬᠤᠰᠢᠭᠤᠨ᠋  ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ᠋ ᠤ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠵᠠᠳᠠᠯᠤᠨ ᠰᠤᠳᠤᠯᠵᠤ᠂ ᠤᠶᠢᠷ᠎ᠠ ᠶᠢᠨ ᠬᠤᠭᠤᠴᠠᠭᠠᠨ᠋ ᠤ ᠠᠵᠢᠯ ᠤᠨ ᠡᠭᠦᠷᠭᠡ ᠳᠤ ᠲᠣᠬᠢᠷᠠᠭᠤᠯᠤᠨ ᠪᠠᠢᠷᠢᠯᠠᠭᠤᠯᠤᠯᠲᠠ ᠬᠢᠭᠰᠡᠨ ᠪᠠᠶᠢᠨ᠎ᠠ᠃       ᠢᠦᠢ ᠳ᠋ᠠᠢ ᠴᠢᠩ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠪᠠᠶᠢᠳᠠᠯ ᠢ ᠣᠨᠣᠪᠴᠢᠲᠠᠢ ᠡᠵᠡᠮᠰᠢᠵᠦ᠂ ᠠᠶᠤᠯ ᠲᠦᠭᠰᠢᠭᠦᠷᠢ ᠶᠢ ᠰᠡᠷᠡᠵᠦ ᠮᠡᠳᠡᠬᠦ ᠴᠢᠳᠠᠪᠤᠷᠢ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠣᠳᠣᠬᠠᠨ᠋ ᠤ ᠵᠠᠬᠢᠳᠠᠯ ᠰᠤᠷᠪᠤᠯᠵᠢᠯᠠᠯ ᠤᠨ ᠲᠣᠭᠲᠠᠭᠤᠨ᠋ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠣᠯᠤᠨ ᠠᠵᠢᠯ ᠤᠨ ᠵᠦᠩᠨᠡᠯᠳᠦ ᠴᠢᠨᠠᠷ ᠢᠶᠠᠨ ᠴᠢᠩᠭᠠᠳᠬᠠᠵᠤ᠂  ᠭᠤᠤᠯᠳᠠᠯᠭ᠎ᠠ ᠲᠠᠢ ᠬᠥᠮᠦᠨ᠂ ᠤᠴᠢᠷ ᠶᠠᠪᠤᠳᠠᠯ᠂ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠶᠠᠷᠢᠶ᠎ᠠ ᠬᠡᠯᠡᠯᠴᠡᠭᠡᠨ᠋ ᠪᠠᠶᠢᠳᠠᠯ ᠢ ᠬᠥᠳᠡᠯᠦᠩᠭᠦᠢ ᠬᠢᠨᠠᠯᠲᠠ ᠪᠠᠨ ᠨᠡᠮᠡᠭᠳᠡᠭᠦᠯᠵᠦ᠂ ᠣᠯᠠᠨ ᠲᠦᠮᠡᠨ᠋ ᠤ ᠠᠩᠬᠠᠷᠤᠯ ᠲᠠᠯᠪᠢᠵᠤ ᠪᠠᠶᠢᠭ᠎ᠠ ᠶᠠᠪᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠢᠯᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰᠬᠠᠢ ᠠᠩᠭᠢ ᠪᠠᠢᠭᠤᠯᠤᠨ ᠲᠤᠰᠬᠠᠢ ᠬᠥᠮᠦᠨ ᠬᠠᠷᠢᠭᠤᠴᠠᠵᠣ᠂ ᠡᠯ᠎ᠡ ᠲᠥᠷᠥᠯ ᠤᠨ ᠲᠣᠭᠲᠠᠭᠤᠨ ᠪᠤᠰᠤ ᠬᠦᠴᠦᠨ ᠵᠦᠢᠯ ᠳᠤ ᠪᠦᠬᠦ ᠲᠠᠯ᠎ᠠ ᠶᠢᠨ ᠵᠢᠭᠰᠠᠭᠠᠨ ᠪᠠᠶᠢᠴᠠᠭᠠᠯᠲᠠ ᠬᠢᠵᠦ᠂ ᠡᠯ᠎ᠡ ᠵᠦᠢᠯ ᠤᠨ ᠠᠵᠢᠯ ᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ᠋ ᠢ ᠪᠣᠢ ᠪᠣᠯᠭᠠᠬᠤ ᠬᠡᠷᠡᠭᠲᠡᠢ ᠭᠡᠵᠦ  ᠱᠠᠭᠠᠷᠳᠠᠭᠰᠠᠨ ᠪᠠᠶᠢᠨ᠎ᠠ᠃       ᠬᠤᠪᠢᠳᠠᠨ ᠬᠠᠮᠢᠶᠠᠷᠬᠤ ᠬᠤᠰᠢᠭᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠯᠢ ᠨᠢᠩ    ᠷᠧᠨ ᠫᠧᠩ  ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2