ᠮᠠᠨ ᠤ ᠬᠤᠰᠢᠭᠤ ᠠᠭᠤᠯᠠᠨ ᠦᠶᠡᠷ ᠤᠰᠤᠲᠤᠯ ᠭᠠᠮᠰᠢᠭ ᠢ ᠰᠡᠷᠭᠡᠶᠢᠯᠡᠬᠦ ᠰᠣᠷᠢᠯᠲᠠ ᠥᠷᠨᠢᠭᠦᠯᠦᠭᠰᠡᠨ
ᠨᠡᠶᠢᠲᠡᠯᠡᠭᠰᠡᠨ ᠴᠠᠭ᠄
2024/7/21
      ᠮᠠᠨ ᠤ ᠬᠤᠰᠢᠭᠤ ᠠᠭᠤᠯᠠᠨ ᠦᠶᠡᠷ ᠤᠰᠤᠲᠤᠯ ᠭᠠᠮᠰᠢᠭ ᠢ ᠰᠡᠷᠭᠡᠶᠢᠯᠡᠬᠦ ᠰᠣᠷᠢᠯᠲᠠ ᠥᠷᠨᠢᠭᠦᠯᠦᠭᠰᠡᠨ              ᠥᠷᠭᠡᠨ ᠣᠯᠠᠨ ᠠᠷᠠᠳ ᠲᠦᠮᠡᠨ ᠤ ᠭᠠᠮᠰᠢᠭ ᠢ ᠰᠡᠷᠭᠡᠶᠢᠯᠡᠬᠦ ᠤᠬᠠᠮᠰᠠᠷ ᠢ ᠦᠨᠡᠨᠬᠦ ᠴᠢᠩᠭᠠᠳᠬᠠᠵᠤ᠂ ᠭᠠᠮᠰᠢᠭ ᠢ ᠪᠠᠭᠠᠰᠬᠠᠵᠤ ᠭᠠᠮᠰᠢᠭ᠋/‍ᠠ᠋ᠴᠠ ᠠᠪᠤᠷᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠦᠶᠡᠷ ᠤᠰᠤᠲᠤᠯ ᠭᠠᠮᠰᠢᠭ ᠢ ᠠᠮᠤᠷ ᠲᠦᠪᠰᠢᠨ ᠥᠩᠭᠡᠷᠡᠭᠦᠯᠬᠦ ᠶᠢ ᠦᠨᠡᠨ ᠬᠣ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠦᠷᠢᠶᠡᠲᠦ ᠪᠠᠯᠭᠠᠰᠤᠨ ᠤ ᠭᠠᠤᠲᠠᠢ ᠲᠣᠰᠬᠤᠨ ᠳᠤ ᠨᠢᠭᠡᠨ ᠤᠳᠠᠭᠠᠨ ᠤ ᠠᠭᠤᠯᠠᠨ ᠦᠶᠡᠷ ᠤᠰᠤᠲᠤᠯ ᠭᠠᠮᠰᠢᠭ ᠢ ᠰᠡᠷᠭᠡᠶᠢᠯᠡᠬᠦ ᠰᠣᠷᠢᠯᠲᠠ ᠥᠷᠨᠢᠭᠦᠯᠦᠭᠰᠡᠨ ᠪᠠᠶᠢᠨ᠎ᠠ᠃       ᠡᠨᠡ ᠤᠳᠠᠭᠠᠨ ᠤ ᠠᠶᠤᠯ‌‍ᠠ᠋ᠴᠠ ᠠᠪᠤᠷᠠᠨ ᠲᠤᠰᠠᠯᠠᠬᠤ ᠰᠣᠷᠢᠯᠲᠠ ᠨᠢ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠠᠶᠤᠯ‌‍ᠠ᠋ᠴᠠ ᠠᠪᠤᠷᠠᠨ ᠲᠤᠰᠠᠯᠠᠬᠤ ᠪᠣᠳᠠᠲᠤ ᠠᠵᠢᠯ ᠤᠨ ᠴᠢᠳᠠᠪᠤᠷᠢ ᠪᠣᠯᠤᠨ ᠦᠶᠡᠷ ᠢ ᠰᠡᠷᠭᠡᠶᠢᠯᠡᠵᠦ ᠠᠶᠤᠯ‌‍ᠠ᠋ᠴᠠ ᠠᠪᠤᠷᠠᠬᠤ ᠶᠢ ᠵᠢᠯᠣᠭᠤᠳᠬᠤ ᠰᠢᠢᠳᠪᠦᠷᠢᠲᠦ ᠪᠣᠳᠣᠯᠭ᠎ᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠡᠭᠦᠰᠴᠦ ᠮᠡᠳᠡᠬᠦ ᠪᠣᠳᠠᠲᠠᠢ ᠪᠠᠶᠢᠳᠠᠯ ᠢ ᠠᠷᠭᠠᠴᠠᠬᠤ ᠳᠤ ᠬᠤᠪᠣᠷ ᠨᠠᠨᠳᠢᠨ ᠪᠣᠳᠠᠲᠤ ᠲᠡᠶᠢᠨ ᠤ ᠲᠤᠷᠰᠢᠯᠭ᠎ᠠ ᠬᠤᠷᠠᠮᠳᠤᠭᠤᠯᠤᠭᠰᠠᠨ ᠪᠣᠯᠬᠤᠷ ᠳᠥᠷᠪᠡᠳ ᠬᠤᠰᠢᠭᠤᠨ ᠤ ᠦᠶᠡᠷ ᠢ ᠰᠡᠷᠭᠡᠶᠢᠯᠡᠵᠦ ᠠᠶᠤᠯ‌‍ᠠ᠋ᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠶᠡᠷᠦᠩᠬᠡᠢ ᠬᠢᠷᠢ ᠲᠦᠪᠰᠢᠨ ᠢ ᠳᠡᠭᠡᠭᠰᠢᠯᠡᠭᠦᠯᠬᠦ ᠳᠤ ᠨᠡᠩ ᠴᠦ ᠠᠰᠢᠭᠲᠠᠢ ᠨᠢᠭᠡᠨ ᠤᠳᠠᠭᠠᠨ ᠤ ᠠᠭᠤᠯᠠᠨ ᠦᠶᠡᠷ ᠤᠰᠤᠲᠤᠯ ᠭᠠᠮᠰᠢᠭ ᠢ ᠰᠡᠷᠭᠡᠶᠢᠯᠡᠬᠦ ᠰᠣᠷᠢᠯᠲᠠ ᠪᠤᠯᠤᠭᠰᠠᠨ ᠪᠠᠶᠢᠨ᠎ᠠ᠃  ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠴᠧᠨ ᠯᠢᠨ   ᠰᠦᠩ ᠰᠢᠶᠣᠣ ᠢᠦᠢ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2