ᠮᠠᠨ ᠤ ᠬᠤᠰᠢᠭᠤ ᠬᠥᠮᠦᠨ ᠤ ᠬᠦᠴᠦ ᠪᠠᠷ ᠪᠤᠲᠠ ᠮᠣᠳᠣ ᠣᠶᠢᠵᠢᠭᠤᠯᠬᠤ ᠲᠥᠷᠥᠯ ᠵᠦᠢᠯ ᠢ ᠦᠷᠭᠦᠯᠵᠢᠯᠡᠨ ᠥᠷᠨᠢᠭᠦᠯᠵᠦ ᠪᠣᠢ
ᠨᠡᠶᠢᠲᠡᠯᠡᠭᠰᠡᠨ ᠴᠠᠭ᠄
2024/7/21
       ᠮᠠᠨ ᠤ ᠬᠤᠰᠢᠭᠤ ᠬᠥᠮᠦᠨ ᠤ ᠬᠦᠴᠦ ᠪᠠᠷ ᠪᠤᠲᠠ ᠮᠣᠳᠣ ᠣᠶᠢᠵᠢᠭᠤᠯᠬᠤ ᠲᠥᠷᠥᠯ ᠵᠦᠢᠯ ᠢ ᠦᠷᠭᠦᠯᠵᠢᠯᠡᠨ ᠥᠷᠨᠢᠭᠦᠯᠵᠦ ᠪᠣᠢ                ᠣᠶᠢᠷ᠎ᠠ ᠶᠢᠨ ᠵᠢᠯ ᠠᠴᠠ ᠨᠡᠰᠢ᠂ ᠮᠠᠨ ᠤ ᠬᠤᠰᠢᠭᠤ ᠬᠥᠮᠦᠨ ᠤ ᠬᠦᠴᠦ ᠪᠠᠷ ᠪᠤᠲᠠᠯᠢᠭ ᠮᠣᠳᠣ ᠣᠶᠢᠵᠢᠭᠤᠯᠬᠤ ᠲᠥᠷᠥᠯ ᠵᠦᠢᠯ ᠢ ᠦᠷᠭᠦᠯᠵᠢᠯᠡᠨ ᠥᠷᠨᠢᠭᠦᠯᠵᠦ᠂ ᠰᠠᠯᠬᠢ ᠶᠢ ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠬᠤ ᠴᠢᠳᠠᠪᠤᠷᠢ ᠪᠠᠨ ᠪᠦᠲᠦᠮᠵᠢᠲᠡᠢ ᠳᠡᠭᠡᠭᠰᠢᠯᠡᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠤᠯᠠᠮ ᠰᠠᠶᠢᠵᠢᠷᠠᠭᠤᠯᠤᠨ᠎ᠠ᠃        ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠰᠢᠭᠤᠨ ᠤ ᠬᠥᠮᠦᠨ ᠤ ᠬᠦᠴᠦ ᠪᠠᠷ ᠰᠢᠭᠤᠳ ᠲᠠᠷᠢᠵᠤ ᠣᠶᠢᠵᠢᠭᠤᠯᠬᠤ ᠶᠡᠷᠦᠩᠬᠡᠢ ᠡᠭᠦᠷᠭᠡ 18000 ᠮᠦ᠂ ᠬᠤᠩᠭᠤᠷ᠂ ᠴᠠᠭᠠᠨ ᠪᠤᠯᠠᠭ ᠬᠤᠶᠠᠷ ᠰᠤᠮᠤ ᠲᠠᠢ ᠬᠤᠯᠪᠣᠭᠳᠠᠵᠤ᠂ ᠣᠳᠣ ᠪᠠᠶᠠᠨᠬᠤᠸᠠ ᠭᠠᠴᠠᠭᠠᠨ ᠳᠤ ᠠᠵᠢᠯ ᠡᠬᠢᠯᠡᠵᠦ᠂ ᠮᠣᠳᠣ ᠲᠠᠷᠢᠬᠤ ᠳᠤ ᠭᠠᠴᠠᠭᠠᠨ ᠤ ᠭᠠᠵᠠᠷ ᠬᠥᠷᠥᠰᠥᠨ ᠤ ᠨᠦᠬᠦᠴᠡᠯ ᠪᠣᠯᠤᠨ ᠮᠣᠳᠣᠨ ᠤ ᠲᠥᠷᠥᠯ ᠵᠦᠢᠯ ᠤᠨ ᠪᠢᠣᠯᠣᠭᠢ ᠶᠢᠨ ᠣᠨᠴᠠᠯᠢᠭ ᠢ ᠦᠨᠳᠦᠰᠦᠯᠡᠵᠦ᠂ ᠲᠣᠬᠢᠷᠠᠮᠵᠢᠲᠠᠢ ᠮᠣᠳᠣ ᠲᠠᠷᠢᠬᠤ ᠵᠠᠷᠴᠢᠮ ᠢᠶᠠᠷ ᠬᠤᠶᠠᠷ ᠮᠥᠷ ᠨᠢᠭᠡ ᠪᠦᠰᠡ ᠳᠤ ᠰᠢᠭᠤᠳ ᠲᠠᠷᠢᠵᠤ ᠣᠶᠢᠵᠢᠭᠤᠯᠬᠤ ᠵᠠᠭᠪᠤᠷ ᠢ ᠲᠣᠭᠲᠠᠭᠠᠵᠤ᠂ ᠣᠶᠢᠵᠢᠭᠤᠯᠤᠭᠰᠠᠨ ᠤ ᠳᠠᠷᠠᠭ᠎ᠠ᠂ ᠣᠶᠢᠷ᠎ᠠ ᠬᠠᠪᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠭᠠᠬᠤ ᠳᠤ ᠰᠠᠶᠢᠨ ᠦᠢᠯᠡᠳᠦᠯ ᠦᠵᠡᠭᠦᠯᠬᠦ ᠪᠣᠯᠤᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠭᠡᠭᠡᠨᠲᠡᠨ᠎ᠡ     ᠬᠦᠰᠡᠯᠡᠩ  ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2