ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠤᠨ ᠠᠯᠪᠠᠨ ᠮᠡᠳᠡᠭᠡ | | ︵2024 ᠣᠨ ᠤ 7 ᠰᠠᠷ᠎ᠠ ᠶᠢᠨ 18 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠪᠠᠲᠤᠯᠠᠪᠠ︶ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ 2024 ᠣᠨ ᠤ | 7 ᠰᠠᠷ᠎ᠠ ᠶᠢᠨ 15 ᠤ ᠡᠳᠦᠷ ᠠᠴᠠ 18 ᠤ ᠡᠳᠦᠷ ᠪᠡᠭᠡᠵᠢᠩ ᠳᠤ ᠬᠤᠷᠠᠯᠳᠤᠪᠠ᠃ | ᠲᠤᠰ ᠤᠳᠠᠭᠠᠨ ᠤ ᠪᠦᠭᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 199 ᠬᠥᠮᠥᠨ᠂ ᠲᠥᠪ ᠬᠤᠷᠢᠶᠠᠨ ᠤ | ᠣᠷᠣᠯᠠᠭᠴᠢ ᠭᠡᠰᠢᠭᠦᠨ 165 ᠬᠥᠮᠥᠨ ᠣᠷᠣᠯᠴᠠᠪᠠ᠃ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠠᠶᠢᠩᠭᠤ ᠶᠢᠨ ᠬᠤᠷᠢᠶᠠᠨ ᠤ ᠭᠡᠰᠢᠭᠦᠳ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ | ᠬᠤᠷᠠᠯ ᠳᠤ ᠰᠤᠯᠠ ᠣᠷᠣᠯᠴᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢᠳ ᠤᠨ ᠳᠣᠲᠣᠷᠠᠬᠢ ᠬᠡᠰᠡᠭ | ᠦᠨᠳᠦᠰᠦᠨ ᠱᠠᠲᠤᠨ ᠤ ᠨᠥᠬᠦᠳ ᠪᠠ ᠲᠤᠰᠬᠠᠢ ᠮᠡᠷᠭᠡᠵᠢᠯᠲᠡᠳ ᠡᠷᠳᠡᠮᠲᠡᠳ ᠴᠣ᠋ ᠬᠤᠷᠠᠯ ᠳᠤ ᠰᠤᠯᠠ ᠣᠷᠣᠯᠴᠠᠪᠠ᠃ | | ᠪᠦᠭᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠡᠷᠭᠢᠯᠡᠪᠠ᠃ ᠲᠥᠪ | ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠪᠦᠭᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ︽ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠬᠢᠨᠠᠨ ᠶᠠᠷᠢᠯᠴᠠᠵᠤ ᠪᠠᠲᠤᠯᠠᠪᠠ | ᠃ ᠰᠢ ᠶᠢᠨ ᠫᠢᠩ ︽ᠲᠣᠭᠲᠠᠭᠠᠯ ︵ᠶᠠᠷᠢᠯᠴᠠᠬᠤ ᠨᠣᠣᠷᠠᠭ︶︾ ᠤᠨ ᠲᠤᠬᠠᠢ ᠪᠦᠭᠦᠳᠡ ᠬᠤᠷᠠᠯ ᠳᠤ ᠳᠤᠳᠤᠷᠬᠠᠶᠢᠯᠠᠯᠲᠠ | ᠬᠢᠪᠡ᠃ | ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ᠃ | ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠤᠯᠠᠨ ᠤᠯᠤᠰ ᠤᠨ ᠣᠷᠴᠢᠨ ᠨᠥᠬᠦᠴᠡᠯ ᠪᠠ ᠬᠠᠲᠠᠭᠤ ᠪᠡᠷᠬᠡ ᠬᠦᠨᠳᠦ ᠨᠦᠰᠡᠷ | ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠡᠭᠦᠷᠭᠡ ᠶᠢᠨ ᠡᠮᠦᠨ᠎ᠡ᠂ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠠᠩᠬᠠᠳᠤᠭᠠᠷ ᠪᠦᠭᠦᠳᠡ ᠬᠤᠷᠠᠯ᠂ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠠᠶᠢᠯᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠭᠦ ᠲᠠᠯ᠎ᠠ ᠪᠠᠷ | ᠲᠤᠭᠤᠰᠢᠯᠠᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ | ᠠᠶᠠᠰ ᠢ ᠪᠠᠷᠢᠮᠲᠠᠯᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ︽ᠳᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠵᠣᠬᠢᠴᠠᠩᠭᠤᠢ ᠪᠠᠷ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ | ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠯᠠᠮ ᠨᠢᠭᠡ ᠠᠯᠬᠤᠮ | ᠠᠬᠢᠭᠤᠯᠬᠤ ᠪᠠ ᠤᠬᠠᠭᠠᠯᠠᠨ ᠲᠥᠯᠥᠪᠯᠡᠵᠦ᠂ ᠨᠡᠶᠢᠭᠡᠮ ᠵᠢᠷᠤᠮ ᠤᠨ ᠠᠷᠠᠳᠴᠢᠯᠠᠯ ᠪᠠ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠲᠠᠰᠤᠷᠠᠯᠲᠠ | ᠦᠭᠡᠢ ᠴᠢᠩᠭᠠᠳᠬᠠᠨ᠂ ᠠᠷᠠᠳ ᠤᠨ ᠠᠮᠢᠳᠤᠷᠠᠯ ᠢ ᠪᠠᠲᠤᠯᠠᠬᠤ ᠪᠠ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ | ᠠᠵᠢᠯ ᠢ ᠦᠨᠡᠨ ᠬᠦ ᠰᠠᠶᠢᠳᠤᠷ ᠠᠳᠬᠤᠵᠤ᠂ ᠤᠯᠤᠰ ᠣᠷᠣᠨ ᠤ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ | ᠪᠠᠶᠢᠳᠠᠯ ᠢ ᠡᠷᠡᠰ ᠬᠠᠮᠠᠭᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ | ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠰᠢᠶᠠᠩᠭᠠᠩ ᠣᠣᠮᠧᠨ ᠤ ᠠᠵᠢᠯ ᠪᠠ ᠲᠠᠶᠢᠸᠠᠨ ᠤ ᠲᠤᠬᠠᠢ ᠠᠵᠢᠯ ᠢ | ᠦᠷᠭᠦᠯᠵᠢᠯᠡᠨ ᠠᠬᠢᠭᠤᠯᠵᠤ᠂ ᠳᠤᠮᠳᠠᠲᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ | ᠭᠦᠨᠵᠡᠭᠡᠢ ᠠᠬᠢᠭᠤᠯᠤᠨ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠶᠢ ᠢᠮᠠᠭᠲᠠ ᠠᠬᠢᠭᠤᠯᠵᠤ᠂ ᠠᠵᠤ ᠠᠬᠤᠢ ᠶᠢᠨ | ᠰᠡᠷᠭᠦᠨ ᠰᠠᠶᠢᠵᠢᠷᠠᠬᠤ ᠶᠢ ᠪᠡᠶᠡᠯᠡᠭᠦᠯᠦᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠰᠠᠨᠠᠯ ᠨᠢᠭᠡᠲᠡᠢ ᠦᠵᠡᠵᠡᠢ᠃ | ᠪᠦᠭᠦᠳᠡ ᠬᠤᠷᠠᠯ ᠠᠴᠠ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠠ ᠠᠭᠤᠤ ᠶᠡᠭᠡ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ | ᠦᠨᠡᠯᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠲᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠰᠤᠳᠤᠯᠤᠭᠠᠳ᠂ ᠣᠳᠣᠬᠠᠨ ᠤ ᠪᠠ ᠬᠤᠶᠢᠰᠢᠲᠠ ᠶᠢᠨ ᠨᠢᠭᠡ | ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ | ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠥᠭᠡᠷᠡᠴᠢᠯᠡᠯᠲᠡ | ᠨᠡᠭᠡᠭᠡᠯᠲᠡ ᠶᠢᠨ ᠳᠤᠮᠳᠠ ᠲᠠᠰᠤᠷᠠᠯᠳᠠ ᠦᠭᠡᠢ ᠠᠬᠢᠭᠤᠯᠵᠤ ᠪᠠᠶᠢᠭ᠎ᠠ ᠪᠥᠭᠡᠳ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ | ᠰᠠᠷᠠᠭᠤᠯ ᠠᠭᠤᠳᠠᠮ ᠢᠷᠡᠭᠡᠳᠦᠢ ᠶᠢ ᠨᠡᠭᠡᠭᠡᠬᠦ ᠯᠠᠪᠲᠠᠢ ᠶᠤᠮ᠃ ᠡᠭᠡᠳᠡᠷᠡᠭᠡᠨ ᠪᠤᠳᠤᠯᠢᠶᠠᠨᠲᠠᠢ ᠤᠯᠤᠰ ᠤᠨ ᠭᠠᠳᠠᠭᠠᠳᠤ | ᠳᠣᠲᠣᠭᠠᠳᠤ ᠶᠢᠨ ᠪᠠᠶᠢᠳᠠᠯ ᠤᠨ ᠡᠮᠦᠨ᠎ᠡ᠂ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠤᠨ | ᠡᠮᠦᠨ᠎ᠡ᠂ ᠡᠷᠬᠡᠪᠰᠢ ᠤᠬᠠᠮᠰᠠᠷ ᠠᠴᠠ ᠪᠠᠨ ᠥᠭᠡᠷᠡᠴᠢᠯᠡᠯᠲᠡ ᠶᠢ ᠨᠡᠩ ᠳᠤᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ ᠭᠡᠵᠦ ᠦᠵᠡᠪᠡ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦ᠋ᠩ ᠤᠨ ᠦᠵᠡᠯ ᠰᠠᠨᠠᠭ᠎ᠠ᠂ ᠳ᠋ᠧᠩ ᠰᠢᠶᠣᠣ | ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ ᠶᠢ ᠪᠠᠷᠢᠮᠲᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ | ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠤᠶᠢᠯᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ ᠦᠵᠡᠯ ᠰᠠᠨᠠᠭ᠎ᠠ ᠪᠠᠨ ᠴᠢᠯᠦᠭᠡᠯᠡᠬᠦ᠂ | ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ | ᠡᠷᠭᠢᠮᠯᠡᠭᠦ ᠶᠢ ᠪᠠᠷᠢᠮᠲᠠᠯᠠᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠤᠯᠠᠮ ᠨᠢᠭᠡ ᠠᠯᠬᠤᠮ ᠴᠢᠯᠦᠭᠡᠯᠡᠨ | ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ ᠨᠡᠮᠡᠭᠳᠡᠭᠦᠯᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠯᠡᠨ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ ᠪᠦᠭᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠠᠵᠤ | ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠬᠥᠲᠥᠯᠥᠮᠵᠢ ᠪᠤᠯᠭᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ | ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠡᠭᠦᠰᠦᠯᠲᠡ ᠪᠠ ᠦᠷ᠎ᠡ ᠳ᠋ᠦ᠋ᠩ ᠪᠤᠯᠭᠠᠵᠤ | ᠂ ᠰᠢᠰᠲ᠋ᠧᠮᠵᠢᠭᠦᠯᠦᠨ ᠬᠤᠷᠠᠭᠤᠯᠬᠤ ᠶᠢ ᠨᠡᠩ ᠢᠯᠡᠭᠦᠦ ᠴᠢᠬᠤᠯᠠᠴᠢᠯᠠᠵᠤ᠂ ᠭᠤᠣᠯᠳᠠᠯᠭ᠎ᠠ ᠶᠢ ᠳᠤᠪᠤᠶᠢᠯᠭᠠᠬᠤ ᠶᠢ ᠨᠡᠩ | ᠢᠯᠡᠭᠦᠦ ᠴᠢᠬᠤᠯᠠᠴᠢᠯᠠᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠨᠡᠩ ᠢᠯᠡᠭᠦᠦ ᠴᠢᠬᠤᠯᠠᠴᠢᠯᠠᠵᠤ᠂ | ᠦᠢᠯᠡᠳᠪᠦᠷᠢᠯᠡᠯ ᠤᠨ ᠬᠠᠷᠢᠴᠠᠭ᠎ᠠ ᠪᠠ ᠦᠢᠯᠡᠳᠪᠦᠷᠢᠯᠡᠯ ᠤᠨ ᠬᠦᠴᠦᠨ᠂ ᠳᠠᠪᠬᠤᠷᠭ᠎ᠠ ᠪᠠ ᠠᠵᠤ ᠠᠬᠤᠢ ᠶᠢᠨ ᠰᠠᠭᠤᠷᠢ᠂ | ᠲᠦᠷᠦ ᠶᠢᠨ ᠵᠠᠰᠠᠯᠲᠠ ᠪᠠ ᠨᠡᠶᠢᠭᠡᠮ ᠤᠨ ᠬᠥᠭᠵᠢᠯᠲᠡ ᠶᠢᠨ ᠨᠡᠩ ᠰᠠᠶᠢᠨ ᠵᠣᠬᠢᠴᠠᠯᠳᠤᠬᠤ ᠶᠢ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠪᠠᠶᠢᠭᠤᠯᠤᠯ ᠤᠨ | ᠪᠠᠲᠤᠯᠠᠭ᠎ᠠ ᠬᠠᠩᠭᠠᠬᠤ ᠬᠡᠷᠡᠭᠲᠡᠢ᠃ | ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠢᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ | ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ 2035 ᠣᠨ ᠪᠤᠯᠬᠤ ᠳᠤ᠂ ᠥᠨᠳᠥᠷ ᠲᠦᠪᠰᠢᠨ ᠪᠦᠬᠦᠢ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ | ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠢ ᠨᠡᠩ ᠲᠡᠭᠦᠯᠳᠡᠷᠵᠢᠭᠦᠯᠵᠦ᠂ ᠲᠦᠷᠦ ᠶᠢ | ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ | ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠭᠡᠳ᠂ ᠲᠤᠰ ᠵᠠᠭᠤᠨ ᠤ ᠳᠤᠮᠳᠠᠴᠢ ᠦᠶ᠎ᠡ ᠪᠤᠯᠬᠤ ᠳᠤ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠬᠦ ᠶᠠᠪᠤᠳᠠᠯ ᠪᠣᠯᠣᠨ᠎ᠠ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠭᠦ | ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ | ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠥᠨᠳᠥᠷ | ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠨᠠᠮ ᠤᠨ ᠤᠳᠤᠷᠢᠳᠬᠤ ᠬᠢᠷᠢ ᠬᠡᠮᠵᠢᠶ᠎ᠡ ᠪᠠ ᠤᠷᠲᠤ ᠬᠤᠭᠤᠴᠠᠭ᠎ᠠ ᠪᠠᠷ ᠲᠥᠷᠥ ᠪᠠᠷᠢᠬᠤ ᠴᠢᠳᠠᠪᠤᠷᠢ ᠶᠢ | ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ | ᠤᠷᠤᠭᠰᠢᠯᠠᠭᠤᠯᠬᠤ ᠬᠡᠷᠡᠭᠲᠡᠢ᠃ 2029 ᠣᠨ ᠳᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ ᠨᠠᠶᠠᠨ ᠵᠢᠯ ᠤᠨ ᠤᠢ ᠪᠤᠯᠬᠤ ᠦᠶ᠎ᠡ ᠪᠠᠷ᠂ ᠲᠤᠰ ᠲᠣᠭᠲᠠᠭᠠᠯ ᠳᠤ ᠳᠤᠷᠠᠳᠤᠭᠰᠠᠨ | ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦ᠋ᠩᠨᠡᠨ ᠬᠡᠷᠡᠭᠯᠡᠵᠦ᠂ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ᠂ | ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠬᠤ᠂ ᠪᠠᠶᠢᠭᠤᠯᠤᠯ ᠤᠨ ᠪᠠᠶᠢᠭᠤᠯᠤᠯᠲᠠ ᠪᠠᠷ ᠭᠤᠣᠯ ᠰᠢᠵᠢᠮ | ᠪᠤᠯᠭᠠᠬᠤ ᠶᠢ ᠪᠠᠷᠢᠮᠲᠠᠯᠠᠬᠤ᠂ ᠪᠦᠭᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ᠂ ᠰᠢᠰᠲ᠋ᠧᠮ ᠤᠨ | ᠦᠵᠡᠯᠲᠡ ᠶᠢ ᠪᠠᠷᠢᠮᠲᠠᠯᠠᠬᠤ ᠵᠡᠷᠭᠡ ᠵᠠᠷᠴᠢᠮ ᠢ ᠲᠤᠭᠤᠰᠢᠯᠠᠭᠤᠯᠬᠤ ᠬᠡᠷᠡᠭᠲᠡᠢ᠃ | ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ | ᠰᠢᠰᠲ᠋ᠧᠮ ᠲᠠᠢ ᠪᠠᠶᠢᠭᠤᠯᠤᠯᠲᠠ ᠬᠢᠵᠦ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠪᠠᠶᠢᠭᠤᠯᠤᠯ ᠢ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ | ᠲᠣᠭᠲᠠᠴᠠ ᠶᠢ ᠪᠠᠶᠢᠭᠤᠯᠵᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠬᠤᠲᠠ | ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠶᠠᠪᠤᠴᠠ ᠶᠢᠨ ᠠᠷᠠᠳ ᠤᠨ | ᠠᠷᠠᠳᠴᠢᠯᠠᠯ ᠤᠨ ᠪᠠᠶᠢᠭᠤᠯᠤᠯ ᠤᠨ ᠰᠢᠰᠲ᠋ᠧᠮ ᠢ ᠪᠦᠷᠢᠨᠰᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠤᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠦᠷᠢᠮ ᠤᠨ | ᠰᠢᠰᠲ᠋ᠧᠮ ᠢ ᠪᠦᠷᠢᠨᠰᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠨᠠᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠵᠢᠯ ᠢ ᠤᠳᠤᠷᠢᠳᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ | ᠪᠠᠲᠤᠯᠠᠭ᠎ᠠ ᠮᠥᠨ᠃ ᠡᠷᠬᠡᠪᠰᠢ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠠᠩ ᠰᠠᠶᠢᠨ ᠪᠠᠳᠠᠷᠠᠭᠤᠯᠵᠤ᠂ ᠨᠠᠩ | ᠲᠥᠪ ᠭᠤᠤᠯᠴᠢ᠂ ᠨᠠᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠡᠭᠦᠳᠴᠦ᠂ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠬᠠᠮᠤᠭ ᠤᠨ ᠰᠢᠯᠢᠳᠡᠭ ᠪᠤᠯᠭᠠᠬᠤ ᠪᠠ ᠦᠷ᠎ᠡ ᠠᠰᠢᠭ ᠢ | ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠵᠦ᠂ ︽ᠠᠮᠢᠳᠤᠯᠢᠭ ᠪᠤᠯᠭᠠᠵᠦ ᠴᠢᠳᠠᠬᠤ︾ ᠮᠥᠷᠲᠡᠭᠡᠨ ᠪᠠᠰᠠ ︽ᠬᠠᠮᠢᠶᠠᠷᠴᠤ | ᠳᠡᠶᠢᠯᠬᠦ︾ ᠪᠠᠶᠢᠵᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠨᠡᠩ ᠰᠠᠶᠢᠨ ᠬᠠᠮᠠᠭᠠᠯᠠᠵᠤ᠂ ᠵᠠᠬ᠎ᠠ ᠳᠡᠯᠭᠡᠭᠦᠷ | ᠦᠢᠯᠡᠳᠦᠯ ᠢᠶᠠᠨ ᠠᠯᠳᠠᠬᠤ ᠶᠢ ᠨᠠᠩ ᠰᠠᠶᠢᠨ ᠨᠥᠬᠦᠪᠦᠷᠢᠯᠡᠵᠦ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠢ | ᠰᠠᠭᠠᠳ ᠦᠭᠡᠢ ᠨᠠᠪᠲᠠᠷᠡᠭᠦᠯᠵᠦ᠂ ᠪᠦᠭᠦ ᠨᠡᠶᠢᠭᠡᠮ ᠤᠨ ᠳᠣᠲᠣᠭᠠᠳᠤ ᠬᠥᠳᠡᠯᠭᠡᠭᠴᠢ ᠬᠦᠴᠦᠨ ᠪᠠ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠥᠴᠥᠬᠡᠨ ᠴᠣ᠋ | ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠬᠥᠭᠵᠢᠯᠲᠡ ᠶᠢ ᠥᠴᠥᠬᠡᠨ ᠴᠣ᠋ ᠭᠤᠶᠢᠪᠢᠰᠢ ᠦᠭᠡᠢ ᠪᠠᠷ ᠵᠣᠷᠢᠭᠵᠢᠭᠤᠯᠤᠨ ᠳᠡᠮᠵᠢᠵᠦ ᠬᠥᠲᠥᠯᠥᠨ ᠵᠢᠯᠤᠭᠤᠳᠴᠤ᠂ ᠡᠯ᠎ᠡ | ᠵᠦᠢᠯ ᠤᠨ ᠥᠮᠴᠢᠯᠡᠯ ᠤᠨ ᠠᠵᠤ ᠠᠬᠤᠢ ᠶᠢᠨ ᠬᠠᠤᠯᠢ ᠶᠣᠰᠣᠭᠠᠷ ᠦᠢᠯᠡᠳᠪᠦᠷᠢᠯᠡᠯ ᠤᠨ ᠡᠯᠧᠮᠧᠨᠲ ᠢ ᠡᠷᠬᠡ ᠲᠡᠭᠰᠢ ᠪᠠᠷ | ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠠᠳᠠᠯᠢ ᠲᠡᠭᠰᠢ ᠪᠠᠷ ᠣᠷᠤᠯᠴᠠᠬᠤ᠂ ᠬᠠᠤᠯᠢ ᠴᠠᠭᠠᠵᠠ ᠶᠢᠨ | ᠬᠠᠮᠠᠭᠠᠯᠠᠯᠲᠠ ᠶᠢ ᠠᠳᠠᠯᠢ ᠪᠠᠷ ᠭᠦᠷᠲᠡᠭᠦ ᠶᠢ ᠪᠠᠲᠤᠯᠠᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ | ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ | ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ | ᠡᠷᠬᠡᠪᠰᠢ ᠰᠢᠨ᠎ᠡ ᠬᠥᠭᠵᠢᠯᠲᠡ ᠶᠢᠨ ᠤᠶᠢᠯᠭᠠᠭᠳᠠᠬᠤᠨ ᠢᠶᠠᠷ ᠥᠭᠡᠷᠡᠴᠢᠯᠡᠯᠲᠡ ᠶᠢ ᠬᠥᠲᠥᠯᠥᠨ ᠳᠠᠭᠠᠭᠤᠯᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠷᠮᠠᠰᠢᠭᠤᠯᠤᠯ ᠤᠨ ᠪᠠ ᠬᠢᠵᠠᠭᠠᠷᠯᠠᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠪᠤᠢ | ᠪᠤᠯᠭᠠᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠪᠠ | ᠳ᠋ᠢᠵᠢᠲ᠋ᠠᠯ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠳᠦᠷᠢᠮ ᠢ ᠪᠦᠷᠢᠨᠰᠢᠭᠦᠯᠦᠨ᠂ ᠦᠢᠯᠡᠴᠢᠯᠡᠭᠡᠨ ᠤ | ᠦᠢᠯᠡᠰ ᠢ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠭᠦ ᠳᠦᠷᠢᠮ ᠢ ᠪᠦᠷᠢᠨᠰᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠴᠢᠳᠠᠪᠤᠷᠢᠲᠠᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠢ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠮᠥᠨ᠃ ᠡᠷᠬᠡᠪᠰᠢ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢᠨ ᠨᠢᠭᠡ ᠴᠣᠭᠴᠠᠵᠢᠭᠰᠠᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ ᠪᠦᠷᠢᠨᠰᠢᠭᠦᠯᠵᠦ᠂ ᠤᠯᠤᠰ ᠤᠨ ᠰᠢᠨ᠎ᠡ ᠶᠢ | ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠤᠷᠭᠠᠨ | ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠰᠢᠨᠵᠢᠯᠡᠬᠦ ᠤᠬᠠᠭᠠᠨᠴᠢ ᠬᠤᠷᠸ᠎ᠠ ᠲᠣᠬᠢᠷᠠᠭᠤᠯᠤᠯ ᠡᠵᠡᠮᠳᠡᠯ᠂ | ᠪᠦᠲᠦᠮᠵᠢᠲᠡᠶ ᠵᠠᠰᠠᠭ ᠤᠨ ᠣᠷᠳᠣᠨ ᠤ ᠵᠠᠰᠠᠯᠲᠠ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠡᠷᠬᠡᠪᠰᠢ ᠬᠤᠷᠸ᠎ᠠ | ᠲᠣᠬᠢᠷᠠᠭᠤᠯᠤᠯ ᠡᠵᠡᠮᠳᠡᠯ ᠤᠨ ᠪᠠᠶᠢᠭᠤᠯᠤᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠳ᠋ ᠤᠨ ᠵᠠᠰᠠᠭ ᠭᠠᠶᠢᠯᠢ᠂ ᠮᠥᠩᠭᠦᠨ | ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠬᠤ ᠬᠡᠷᠡᠭᠲᠡᠢ᠃ ᠤᠯᠤᠰ ᠤᠨ | ᠪᠠᠶᠢᠯᠳᠤᠬᠤ ᠪᠣᠳᠣᠯᠭ᠎ᠠ ᠲᠥᠯᠦᠪᠵᠢᠭᠦᠯᠭᠡ ᠶᠢᠨ ᠰᠢᠰᠲ᠋ᠧᠮ ᠪᠠ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠷᠬᠡᠪᠰᠢ ᠰᠢᠨ᠎ᠡ | ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ | ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠵᠦ᠂ ᠬᠤᠲᠠ ᠬᠥᠳᠡᠭᠡ ᠶᠢᠨ ᠲᠥᠯᠦᠪᠵᠢᠭᠦᠯᠭᠡ᠂ | ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠠᠭᠤᠰᠤᠯᠴᠠᠯ ᠤᠨ ᠬᠢᠷᠢ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ | ᠬᠤᠳᠠ ᠬᠥᠳᠡᠭᠡ ᠶᠢᠨ ᠡᠯᠧᠮᠧᠨᠲ ᠤᠨ ᠡᠷᠬᠡ ᠲᠡᠭᠰᠢ ᠪᠠᠷ ᠰᠣᠯᠢᠯᠴᠠᠬᠤ᠂ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠤᠨ᠂ | ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠵᠤ᠂ ᠬᠤᠳᠠ ᠬᠥᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ | ᠠᠬᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠬᠤ ᠪᠠᠶᠢᠭᠤᠯᠤᠯ ᠲᠣᠭᠲᠠᠴᠠ ᠶᠢ | ᠪᠦᠷᠢᠨᠰᠢᠭᠦᠯᠵᠦ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ | ᠲᠠᠷᠢᠶᠠᠯᠠᠩ ᠢ ᠬᠦᠴᠦᠷᠬᠡᠭᠵᠢᠭᠦᠯᠬᠦ᠂ ᠲᠠᠷᠢᠶᠠᠴᠢᠳ ᠲᠤ ᠠᠰᠢᠭ ᠬᠦᠷᠲᠡᠭᠡᠬᠦ᠂ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ | ᠳᠦᠷᠢᠮ ᠢ ᠲᠡᠭᠦᠯᠳᠡᠷᠵᠢᠭᠦᠯᠦᠨ᠂ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠢᠯᠡ ᠲᠣᠳᠣ ᠢᠯᠡᠳᠬᠡᠮᠵᠢ ᠲᠡᠮᠳᠡᠭ ᠮᠥᠨ᠃ ᠡᠷᠬᠡᠪᠰᠢ ᠭᠠᠳᠠᠭᠰᠢ ᠨᠡᠭᠡᠭᠡᠯᠲᠡ ᠬᠢᠬᠦ ᠦᠨᠳᠦᠰᠦᠨ | ᠤᠯᠤᠰ ᠤᠨ ᠪᠣᠳᠣᠯᠭ᠎ᠠ ᠶᠢ ᠪᠠᠷᠢᠮᠲᠠᠯᠠᠵᠤ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠮᠠᠨ ᠤ | ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠣᠯᠠᠨ ᠤᠯᠤᠰ ᠤᠨ | ᠬᠠᠮᠲᠤᠷᠠᠯᠴᠠᠭ᠎ᠠ ᠶᠢ ᠥᠷᠭᠡᠳᠬᠡᠬᠦ ᠳᠤᠮᠳᠠ ᠨᠡᠭᠡᠭᠡᠯᠲᠡ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ | ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠬᠡᠷᠡᠭᠲᠡᠢ᠃ ᠳᠦᠷᠢᠮ ᠤᠨ | ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠪᠠ ᠭᠠᠳᠠᠭᠠᠳᠤ ᠳᠤ | ᠪᠡᠯᠡ ᠣᠷᠣᠭᠤᠯᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠷᠣᠨ ᠪᠦᠰᠡ ᠶᠢᠨ | ᠨᠡᠭᠡᠭᠡᠯᠲᠡ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠪᠠᠷ | ᠬᠠᠮᠲᠤ ᠪᠠᠷ ᠪᠠᠶᠢᠭᠤᠯᠬᠤ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ | ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠃ ᠡᠷᠬᠡᠪᠰᠢ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ ᠦᠨᠳᠦᠰᠦᠨ ᠤᠯᠤᠰ ᠲᠥᠷᠥ ᠶᠢᠨ ᠪᠠᠶᠢᠭᠤᠯᠤᠯ ᠭᠤᠣᠯ ᠤᠯᠤᠰ | ᠲᠥᠷᠥ ᠶᠢᠨ ᠪᠠᠶᠢᠭᠤᠯᠤᠯ᠂ ᠴᠢᠬᠤᠯᠠ ᠤᠯᠤᠰ ᠲᠥᠷᠥ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠡᠯ᠎ᠡ ᠳᠡᠰ | ᠱᠠᠲᠤᠨ ᠤ ᠠᠷᠠᠳᠴᠢᠯᠠᠯ ᠤᠨ ᠭᠡᠯᠪᠡᠷᠢ ᠶᠢ ᠪᠠᠶᠠᠯᠢᠭᠵᠢᠭᠤᠯᠤᠨ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ | ᠶᠠᠪᠤᠳᠠᠯ ᠢ ᠤᠯᠤᠰ ᠤᠨ ᠤᠯᠤᠰ ᠲᠦᠷᠦ ᠶᠢᠨ ᠠᠮᠢᠳᠤᠷᠠᠯ ᠪᠠ ᠨᠡᠶᠢᠭᠡᠮ ᠤᠨ ᠠᠮᠢᠳᠤᠷᠠᠯ ᠤᠨ ᠲᠠᠯ᠎ᠠ ᠪᠦᠭᠦᠨ ᠳᠤ ᠦᠨᠡᠨ | ᠪᠣᠳᠠᠲᠠᠢ ᠪᠠᠷ ᠢᠯᠡᠷᠡᠭᠦᠯᠬᠦ ᠬᠡᠷᠡᠭᠲᠡᠢ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠶᠢᠭᠤᠯᠤᠯ ᠤᠨ | ᠪᠠᠶᠢᠷᠢᠯᠠᠭᠤᠯᠤᠯᠲᠠ ᠶᠢ ᠴᠢᠩᠭᠠᠳᠬᠠᠵᠤ᠂ ᠵᠥᠪᠯᠡᠬᠦ ᠠᠷᠠᠳᠴᠢᠯᠠᠯ ᠤᠨ ᠲᠣᠭᠲᠠᠴᠠ ᠶᠢ ᠪᠦᠷᠢᠨᠰᠢᠭᠦᠯᠦᠨ᠂ ᠦᠨᠳᠦᠰᠦᠨ | ᠱᠠᠲᠤᠨ ᠤ ᠠᠷᠠᠳᠴᠢᠯᠠᠯ ᠤᠨ ᠳᠦᠷᠢᠮ ᠢ ᠪᠦᠷᠢᠨᠰᠢᠭᠦᠯᠵᠦ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ | ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠬᠠᠤᠯᠢ ᠪᠠᠷ ᠵᠠᠰᠠᠬᠤ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ᠃ ᠡᠷᠬᠡᠪᠰᠢ ᠦᠨᠳᠦᠰᠦᠨ ᠬᠠᠤᠯᠢ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠤᠯᠢ ᠲᠣᠭᠲᠠᠭᠠᠬᠤ᠂ | ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠭᠤᠭᠴᠤᠭ᠎ᠠ ᠶᠢᠨ ᠥᠭᠡᠷᠡᠴᠢᠯᠡᠯᠲᠡ ᠶᠢ | ᠬᠠᠮᠵᠢᠯᠴᠠᠭᠤᠯᠤᠨ ᠠᠬᠢᠭᠤᠯᠵᠤ᠂ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠭᠦᠨ ᠡᠷᠬᠡ ᠲᠡᠭᠰᠢ ᠪᠠᠶᠢᠬᠤ ᠪᠠᠲᠤᠯᠠᠭ᠎ᠠ ᠶᠢᠨ | ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠤᠯᠤᠰ ᠤᠨ ᠡᠯ᠎ᠡ ᠲᠠᠯ᠎ᠠ ᠶᠢᠨ ᠠᠵᠢᠯ ᠢ ᠬᠠᠤᠯᠢ ᠪᠠᠷ | ᠵᠠᠰᠠᠬᠤ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠠᠤᠯᠢ ᠲᠣᠭᠲᠠᠭᠠᠬᠤ ᠬᠦᠷᠢᠶᠡᠨ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠤᠨ᠂ ᠲᠥᠪ ᠭᠤᠣᠯᠴᠢ ᠪᠠᠷ ᠬᠠᠤᠯᠢ | ᠬᠡᠷᠡᠭᠵᠢᠭᠦᠯᠬᠦ ᠬᠠᠤᠯᠢ ᠪᠠᠷᠢᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠬᠠᠤᠯᠢ ᠪᠠᠷ ᠵᠠᠰᠠᠬᠤ ᠨᠡᠶᠢᠭᠡᠮ ᠤᠨ | ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ | ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠡᠷᠬᠡᠪᠰᠢ | ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠬᠤᠪᠢᠰᠬᠠᠯᠲᠤ | ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠮᠡᠳᠡᠭᠡ | ᠵᠠᠩᠭᠢ ᠶᠢᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠳᠤ ᠲᠦᠷᠭᠡᠯᠡᠨ ᠵᠣᠬᠢᠴᠠᠭᠤᠯᠵᠤ᠂ | ᠠᠤᠭ᠎ᠠ ᠶᠡᠭᠡ ᠬᠡᠪᠴᠢᠶ᠎ᠡ ᠪᠦᠬᠦᠢ ᠰᠢᠯᠢᠳᠡᠭ ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠤᠨ ᠪᠦᠷᠢᠯᠳᠦᠭᠦᠯᠵᠦ᠂ | ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ | ᠬᠥᠭᠵᠢᠭᠡᠬᠦ ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠲᠡᠭᠦᠯᠳᠡᠷᠵᠢᠭᠦᠯᠵᠦ᠂ ᠰᠣᠶᠣᠯ ᠤᠨ ᠦᠢᠯᠡᠴᠢᠯᠡᠭᠡ ᠪᠠ ᠰᠣᠶᠣᠯ ᠤᠨ ᠦᠢᠯᠡᠳᠬᠦᠨ ᠤ ᠬᠠᠩᠭᠠᠯᠭ᠎ᠠ ᠶᠢᠨ ᠲᠣᠭᠲᠠᠴᠠ ᠶᠢ | ᠰᠢᠯᠢᠳᠡᠭᠵᠢᠭᠦᠯᠵᠦ᠂ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠨᠡᠩ ᠪᠦᠲᠦᠮᠵᠢᠲᠡᠶ | ᠤᠯᠠᠨ ᠤᠯᠤᠰ ᠲᠤ ᠤᠯᠠᠮᠵᠢᠯᠠᠨ ᠲᠠᠷᠬᠠᠭᠠᠬᠤ ᠰᠢᠰᠲ᠋ᠧᠮ ᠢ ᠪᠠᠶᠢᠭᠤᠯᠬᠤ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ ᠡᠭᠦᠷᠭᠡ ᠮᠥᠨ᠃ | ᠡᠷᠬᠡᠪᠰᠢ ᠪᠦᠭᠦ ᠬᠦᠴᠦ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠳᠣᠲᠣᠷ᠎ᠠ ᠬᠢᠬᠦ ᠶᠢ ᠪᠠᠷᠢᠮᠲᠠᠯᠠᠵᠤ᠂ ᠦᠨᠳᠦᠰᠦᠨ | ᠣᠯᠠᠨ ᠨᠡᠶᠢᠲᠡ ᠶᠢᠨ ᠦᠢᠯᠡᠴᠢᠯᠡᠭᠡᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯᠲᠤ | ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠠᠷᠠᠳ ᠲᠦᠮᠡᠨ ᠤ ᠬᠠᠮᠤᠭ ᠠᠴᠠ ᠢᠯᠡᠭᠦᠦ ᠰᠡᠳᠬᠢᠯ ᠲᠠᠯᠪᠢᠵᠤ ᠪᠠᠶᠢᠭ᠎ᠠ ᠬᠠᠮᠤᠭ ᠤᠨ | ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶ᠋ᠢᠲᠤᠷ ᠰᠢᠢᠳᠪᠦᠷᠢᠯᠡᠵᠦ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃ ᠣᠷᠣᠯᠭ᠎ᠠ ᠶᠢᠨ | ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠥᠮᠥᠨ ᠠᠮᠠ ᠶᠢᠨ ᠬᠥᠭᠵᠢᠯᠲᠡ ᠶᠢ ᠳᠡᠮᠵᠢᠬᠦ | ᠪᠠ ᠲᠡᠭᠦᠨ ᠳᠤ ᠦᠢᠯᠡᠴᠢᠯᠡᠬᠦ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ | ᠬᠥᠮᠥᠨ ᠬᠢᠭᠡᠳ ᠪᠠᠶ᠋ᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠃ ᠡᠷᠬᠡᠪᠰᠢ ᠠᠮᠢ | ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠷᠡᠰᠤᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠠᠵᠤ | ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ | ᠠᠷᠭᠠᠴᠠᠨ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ ᠭᠡᠬᠦ | ᠤᠶᠢᠯᠭᠠᠭᠳᠠᠬᠤᠨ ᠢ ᠨᠠᠶᠢᠳᠠᠪᠤᠷᠢᠵᠢᠭᠤᠯᠬᠤ ᠪᠠᠶᠢᠭᠤᠯᠤᠯ ᠲᠣᠭᠲᠠᠴᠠ ᠶᠢ ᠲᠦᠷᠭᠡᠯᠡᠨ ᠲᠡᠭᠦᠯᠳᠡᠷᠵᠢᠭᠦᠯᠬᠦ ᠬᠡᠷᠡᠭᠲᠡᠢ᠃ ᠠᠮᠢ | ᠠᠬᠤᠢ ᠶᠢᠨ ᠪᠣᠯᠪᠠᠰᠤᠨ ᠤ ᠰᠠᠭᠤᠷᠢ ᠪᠠᠶᠢᠭᠤᠯᠤᠯ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠢ | ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ | ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠤᠯᠤᠰ ᠤᠨ ᠠᠮᠤᠷ ᠲᠦᠪᠰᠢᠨ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠠᠯᠤᠰ ᠢ ᠵᠣᠷᠢᠬᠤ ᠶᠢᠨ ᠴᠢᠬᠤᠯᠠ ᠰᠠᠭᠤᠷᠢ ᠮᠥᠨ᠃ ᠡᠷᠬᠡᠪᠰᠢ | ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠡᠶᠡᠯᠡᠭᠦᠯᠵᠦ᠂ ᠤᠯᠤᠰ ᠤᠨ | ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ | ᠰᠢᠰᠲ᠋ᠧᠮ ᠢ ᠪᠦᠷᠢᠨᠰᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠭᠠᠳᠠᠭᠠᠳᠤ ᠳᠤ ᠬᠤᠯᠪᠣᠭᠳᠠᠬᠤ | ᠤᠯᠤᠰ ᠤᠨ ᠠᠮᠤᠷ ᠲᠦᠪᠰᠢᠨ ᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ | ᠡᠷᠬᠡᠪᠰᠢ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ | ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ᠂ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠬᠦᠴᠦᠲᠡᠢ | ᠪᠠᠲᠤᠯᠠᠭ᠎ᠠ ᠬᠠᠩᠭᠠᠬᠤ ᠬᠡᠷᠡᠭᠲᠡᠢ᠃ ᠠᠷᠠᠳ ᠤᠨ ᠴᠡᠷᠢᠭ ᠠᠩᠭᠢ ᠶᠢᠨ ᠤᠳᠤᠷᠢᠳᠤᠨ ᠬᠠᠮᠢᠶᠠᠷᠬᠤ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠵᠦ᠂ ᠬᠠᠮᠲᠤᠷᠠᠭᠰᠠᠨ ᠪᠠᠶᠢᠯᠳᠤᠭᠠᠨ ᠬᠢᠬᠦ ᠰᠢᠰᠲ᠋ᠧᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠴᠡᠷᠢᠭ ᠠᠩᠭᠢ ᠪᠠ ᠣᠷᠣᠨ ᠨᠤᠲᠤᠭ ᠠᠯᠤᠰᠯᠠᠭᠰᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠬᠡᠷᠡᠭᠲᠡᠢ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ᠂ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠶᠢᠨ ᠦᠨᠳᠦᠰᠦᠨ ᠪᠠᠲᠤᠯᠠᠭ᠎ᠠ ᠮᠥᠨ᠃ ᠡᠷᠬᠡᠪᠰᠢ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠤᠠᠶᠢᠯᠭᠠᠵᠤ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠥᠪᠡᠷ ᠤᠨ | ᠪᠡᠶ᠎ᠡ ᠳᠡᠭᠡᠨ ᠬᠢᠬᠦ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ | ᠤᠬᠠᠮᠰᠠᠷ ᠲᠠᠢ ᠪᠠᠶᠢᠵᠦ᠂ ᠥᠭᠡᠷᠡᠴᠢᠯᠡᠯᠲᠡ ᠬᠢᠬᠦ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ | ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ | ᠰᠢᠰᠲ᠋ᠧᠮ ᠢ ᠲᠡᠭᠦᠯᠳᠡᠷᠵᠢᠭᠦᠯᠦᠨ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ | ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠲᠠᠰᠤᠷᠠᠯᠲᠠ ᠦᠭᠡᠢ ᠠᠬᠢᠭᠤᠯᠵᠤ᠂ ᠨᠠᠮ ᠤᠨ ᠢᠮᠠᠭᠲᠠ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ | ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ | ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠲᠡᠢ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ | ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠡᠷᠬᠡᠪᠰᠢ ᠪᠡᠶ᠎ᠡ ᠪᠠᠨ ᠳᠠᠭᠠᠭᠠᠵᠤ ᠡᠵᠡᠨ ᠮᠡᠳᠡᠬᠦ | ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠂ ᠪᠦᠭᠦ ᠬᠥᠮᠥᠨ | ᠲᠥᠷᠥᠯᠬᠢᠲᠡᠨ ᠤ ᠬᠠᠮᠲᠤ ᠶᠢᠨ ᠥᠷᠲᠡᠭ ᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠦᠢᠯᠰᠢᠷᠠᠯᠲᠠ᠂ | ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ | ᠭᠠᠳᠠᠭᠠᠳᠤ ᠶᠠᠪᠤᠳᠠᠯ ᠤᠨ ᠠᠵᠢᠯ ᠤᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠦᠭᠦ ᠪᠥᠮᠪᠥᠷᠴᠡᠭ ᠤᠨ | ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠣᠯᠣᠨ ᠪᠠᠶᠢᠭᠤᠯᠤᠯᠲᠠ ᠳᠤ ᠣᠷᠤᠯᠴᠠᠬᠤ ᠪᠠ ᠲᠡᠭᠦᠨ ᠢ ᠬᠥᠲᠥᠯᠥᠨ | ᠳᠠᠭᠠᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠬᠤ | ᠬᠡᠷᠡᠭᠲᠡ᠊ ᠢ᠃ | ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠳᠤᠷ ᠰᠤᠷᠤᠯᠴᠠᠨ | ᠰᠠᠶᠢᠳᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠲᠠ ᠶᠢᠨ ᠨᠢᠭᠡ ᠬᠤᠭᠤᠴᠠᠭᠠᠨ ᠤ ᠪᠦᠭᠦ ᠨᠠᠮ ᠪᠦᠭᠦ | ᠤᠯᠤᠰ ᠤᠨ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠤᠠᠶᠢᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ | ᠪᠠᠲᠤᠯᠠᠭ᠎ᠠ ᠶᠢ ᠭᠦᠨᠵᠡᠭᠡᠢ ᠤᠶᠢᠯᠠᠭᠠᠬᠤ ᠪᠠ ᠡᠵᠡᠮᠰᠢᠬᠦ ᠬᠡᠷᠡᠭᠲᠡᠢ᠃ ᠪᠦᠭᠦ ᠨᠠᠮ ᠢᠶᠠᠷ ᠢᠶᠠᠨ ︽ᠲᠣᠭᠲᠠᠭᠠᠯ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠰᠠᠶᠢᠳᠤᠷ | ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠲᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ | ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ | ᠪᠦᠭᠦᠳᠡ ᠬᠤᠷᠠᠯ ᠠᠴᠠ ᠣᠳᠣᠬᠠᠨ ᠤ ᠪᠠᠶᠢᠳᠠᠯ ᠪᠠ ᠡᠭᠦᠷᠭᠡ ᠶᠢ ᠵᠠᠳᠠᠯᠤᠨ ᠰᠢᠨᠵᠢᠯᠡᠭᠡᠳ ᠴᠢᠬᠤᠯᠠᠴᠢᠯᠠᠭᠰᠠᠨ᠂ ᠪᠦᠭᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ | ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ | ᠶᠣᠰᠣᠭᠠᠷ᠂ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠢᠳᠡᠪᠬᠢᠲᠡᠢ ᠥᠷᠭᠡᠳᠬᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠭᠴᠢ ᠡᠨᠧᠷᠭᠢ ᠶᠢ | ᠲᠦᠷᠭᠡᠯᠡᠨ ᠪᠤᠶᠢᠵᠢᠭᠤᠯᠵᠤ᠂ ᠨᠣᠭᠤᠭᠠᠨ ᠪᠥᠭᠡᠳ ᠨᠡᠭᠦᠷᠡᠰᠦᠲᠦ᠋ᠷᠦᠭᠴᠢ ᠪᠠᠭᠠᠲᠠᠢ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠤᠨ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦ᠋ᠩᠨᠡᠨ ᠦᠨᠡᠯᠡᠵᠦ᠂ ᠠᠷᠪᠠᠨ ᠲᠠᠪᠤᠳᠤᠭᠠᠷ | ᠲᠠᠪᠤᠨ ᠵᠢᠯ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠤᠬᠠᠭᠠᠯᠠᠨ ᠲᠥᠯᠥᠪᠯᠡᠬᠦ ᠠᠵᠢᠯ ᠢ ᠦᠨᠡᠨ ᠬᠦ | ᠰᠠᠶᠢᠳᠤᠷ ᠬᠢᠬᠦ ᠬᠡᠷᠡᠭᠲᠡᠢ᠃ | ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ᠂ ᠬᠥᠭᠵᠢᠯᠲᠡ ᠪᠠ ᠠᠮᠤᠷ ᠲᠦᠪᠰᠢᠨ ᠢ ᠰᠠᠶᠢᠳᠤᠷ ᠨᠢᠭᠡᠳᠦᠯᠲᠡᠢ | ᠲᠥᠯᠥᠪᠯᠡᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ | ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠴᠢᠬᠤᠯᠠ ᠬᠦᠷᠢᠶᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠳᠤᠷ ᠨᠠᠶᠢᠳᠠᠪᠤᠷᠢᠵᠢᠭᠤᠯᠵᠤ᠂ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠭᠠᠮᠰᠢᠭ | ᠢᠯᠠᠩᠭᠤᠶ᠎ᠠ ᠦᠶᠡᠷ ᠤᠰᠤᠲᠤᠯ ᠤᠨ ᠭᠠᠮᠰᠢᠭ ᠢ ᠬᠢᠨᠠᠨ ᠬᠡᠮᠵᠢᠬᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠣᠷ ᠢ | ᠨᠢᠭᠲᠠ ᠰᠦᠯᠵᠢᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃ ᠶᠠᠷᠢᠶ᠎ᠠ | ᠬᠡᠯᠡᠯᠴᠡᠭᠡ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠦᠵᠡᠯ ᠤᠬᠠᠮᠰᠠᠷ ᠤᠨ ᠭᠡᠯᠪᠡᠷᠢ ᠶᠢᠨ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠭᠠᠳᠠᠭᠠᠳᠤ ᠲᠦᠭᠰᠢᠭᠦᠷᠢ ᠰᠢᠯᠭᠠᠯᠲᠠ ᠶᠢ | ᠪᠦᠲᠦᠮᠵᠢᠲᠡᠢ ᠠᠷᠭᠠᠴᠠᠨ᠂ ᠪᠦᠭᠦ ᠪᠥᠮᠪᠥᠷᠴᠡᠭ ᠤᠨ ᠵᠠᠰᠠᠯᠲᠠ ᠶᠢ ᠬᠥᠲᠥᠯᠥᠨ ᠳᠠᠭᠠᠭᠤᠯᠵᠤ᠂ ᠠᠰᠢᠭᠲᠠᠢ ᠭᠠᠳᠠᠭᠠᠳᠤ | ᠣᠷᠴᠢᠨ ᠨᠥᠬᠦᠴᠡᠯ ᠢ ᠰᠠᠨᠠᠭᠠᠴᠢᠯᠠᠭ᠎ᠠ ᠠᠴᠠ ᠪᠠᠨ ᠪᠤᠢ ᠪᠤᠯᠭᠠᠬᠤ ᠬᠡᠷᠡᠭᠲᠡᠢ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠲᠠᠢ ᠤᠶᠠᠯᠳᠤᠭᠤᠯᠤᠨ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠰᠠᠶᠢᠳᠤᠷ | ᠠᠳᠬᠤᠵᠤ᠂ ᠪᠦᠭᠦ ᠨᠠᠮ ᠤᠨ ᠮᠠᠷᠺᠰ ᠤᠨ ᠦᠵᠡᠯ ᠤᠨ ᠬᠢᠷᠢ ᠬᠡᠮᠵᠢᠶ᠎ᠡ ᠪᠠ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ | ᠪᠦᠷᠢᠨᠰᠢᠭᠦᠯᠵᠦ᠂ ᠰᠤᠷᠲᠠᠯ ᠢᠶᠠᠨ ᠦᠨᠡᠨ ᠬᠦ ᠰᠠᠶᠢᠵᠢᠷᠠᠭᠤᠯᠤᠨ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ | ᠠᠷᠬᠠᠭ ᠭᠡᠮ ᠢ ᠲᠡᠪᠴᠢᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ | ᠭᠦᠨᠵᠡᠭᠡᠢ ᠠᠬᠢᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠬᠦ ᠬᠡᠷᠡᠭᠲᠡᠢ᠃ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠵᠤ᠂ ᠨᠠᠮ ᠤᠨ | ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠲᠡᠰᠦᠷᠡᠯᠳᠠ ᠦᠭᠡᠢ ᠴᠢᠩᠭᠠᠳᠬᠠᠬᠤ | ᠬᠡᠷᠡᠭᠲᠡᠢ᠃ | ᠪᠦᠭᠦᠳᠡ ᠬᠤᠷᠠᠯ ᠠᠴᠠ ᠨᠠᠮ ᠤᠨ ᠳᠦᠷᠢᠮ ᠤᠨ ᠲᠣᠭᠲᠠᠭᠠᠯ ᠶᠣᠰᠣᠭᠠᠷ᠂ ᠲᠥᠪ ᠬᠤᠷᠢᠶᠠᠨ ᠤ ᠣᠷᠣᠯᠠᠭᠴᠢ | ᠭᠡᠰᠢᠭᠦᠨ ᠳ᠋ᠢᠩ ᠰᠢᠶᠠᠩ ᠴᠢᠶᠦ᠋ᠨ᠂ ᠢᠦ᠋ᠢ ᠯᠢ ᠵᠢᠶᠦ᠋ᠨ᠂ ᠢᠦᠢ ᠵᠢᠢ ᠬᠤᠩ ᠢ ᠲᠥᠪ ᠬᠤᠷᠢᠶᠠᠨ ᠤ ᠭᠡᠰᠢᠭᠦᠨ ᠢᠶᠠᠷ | ᠳᠠᠷᠠᠭᠠᠯᠠᠨ ᠨᠥᠬᠦᠬᠦ ᠪᠠᠷ ᠲᠣᠭᠲᠠᠭᠠᠪᠠ᠃ | ᠪᠦᠭᠦᠳᠡ ᠬᠤᠷᠠᠯ ᠠᠴᠠ᠂ ᠴᠢᠨ ᠭᠠᠩ ᠨᠥᠬᠦᠷ ᠤᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠵᠥᠪᠰᠢᠶᠡᠷᠡᠵᠦ | ᠂ ᠴᠢᠨ ᠭᠠᠩ ᠨᠥᠬᠦᠷ ᠤᠨ ᠲᠥᠪ ᠬᠤᠷᠢᠶᠠᠨ ᠤ ᠭᠡᠰᠢᠭᠦᠨ ᠤ ᠲᠤᠰᠢᠶᠠᠯ ᠢ ᠬᠠᠰᠤᠬᠤ ᠪᠠᠷ ᠲᠣᠭᠲᠠᠭᠠᠪᠠ᠃ | ᠪᠦᠭᠦᠳᠡ ᠬᠤᠷᠠᠯ ᠠᠴᠠ ᠯᠢ ᠱᠠᠩ ᠹᠦ᠋᠂ ᠯᠢ ᠢᠦ᠋ᠢ ᠴᠣᠣ᠂ ᠰᠦᠨ ᠶᠢᠨ ᠮᠢᠩ ᠤᠨ ᠰᠠᠬᠢᠯᠭ᠎ᠠ ᠪᠠᠲᠤ ᠬᠠᠤᠯᠢ | ᠴᠠᠭᠠᠵᠠ ᠠᠴᠠ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠶᠠᠷᠢᠯᠴᠠᠵᠤ | ᠪᠠᠲᠤᠯᠠᠭᠠᠳ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠠᠴᠠ ᠲᠦᠷᠦᠭᠦᠬᠡᠨ ᠭᠠᠷᠭᠠᠭᠰᠠᠨ ᠯᠢ ᠱᠠᠩ ᠹᠦ᠋᠂ | ᠯᠢ ᠢᠦᠢ ᠴᠣᠣ᠂ ᠰᠦᠨ ᠶᠢᠨ ᠮᠢᠩ ᠳᠤ ᠥᠭᠭᠦᠭᠰᠡᠨ ᠨᠠᠮ ᠠᠴᠠ ᠬᠥᠭᠡᠭᠡᠬᠦ ᠰᠢᠢᠳᠬᠡᠯ ᠢ ᠨᠤᠲᠠᠯᠠᠪᠠ᠃ | ᠪᠦᠭᠦᠳᠡ ᠬᠤᠷᠠᠯ ᠠᠴᠠ ᠤᠷᠢᠶᠠᠯᠠᠭᠰᠠᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ | ᠥᠨᠳᠥᠷ ᠮᠠᠨᠳᠤᠭᠤᠯᠤᠨ᠂ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠲᠥᠪᠯᠡᠷᠡᠭᠦᠯᠵᠦ᠂ ᠡᠷᠴᠢ ᠵᠣᠷᠢᠭ ᠢᠶᠠᠨ | ᠬᠥᠪᠴᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ | ᠪᠠᠶᠢᠭᠤᠯᠤᠨ ᠪᠦᠲᠦᠭᠡᠵᠦ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | ᠳᠡᠪᠰᠢᠭᠦᠯᠦᠭᠴᠢ᠄ ᠲᠡᠷᠭᠡᠯ | |