ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ | | | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠲᠣᠭᠲᠠᠭᠠᠯ ᠳᠤ ᠰᠠᠨᠠᠯ ᠬᠤᠷᠢᠶᠠᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠨᠠᠮ ᠤᠨ ᠭᠠᠳᠠᠨᠠᠬᠢ | ᠬᠥᠮᠥᠰ ᠤᠨ ᠶᠠᠷᠢᠯᠴᠠᠬᠤ ᠬᠤᠷᠠᠯ ᠬᠤᠷᠠᠯᠳᠤᠭᠤᠯᠪᠠ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ | ᠲᠠᠯᠪᠢᠪᠠ ᠸᠠᠩ ᠬᠤᠤ ᠨᠢᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ | ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ 5 ᠰᠠᠷ᠎ᠠ ᠶᠢᠨ 20 ᠤ ᠡᠳᠦᠷ ᠵᠥᠩ ᠨᠠᠨ ᠬᠠᠢ ᠳᠤ ᠨᠠᠮ ᠤᠨ ᠭᠠᠳᠠᠨᠠᠬᠢ ᠬᠥᠮᠥᠰ ᠤᠨ | ᠶᠠᠷᠢᠯᠴᠠᠬᠤ ᠬᠤᠷᠠᠯ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ | ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠲᠣᠭᠲᠠᠭᠠᠯ ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ | ᠬᠥᠮᠥᠰ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ | ᠭᠤᠣᠯᠳᠠᠯᠭ᠎ᠠ ᠲᠠᠢ ᠰᠤᠳᠤᠯᠤᠨ ᠪᠠᠶᠢᠷᠢᠯᠠᠭᠤᠯᠬᠤ ᠶᠢᠨ ᠬᠠᠮᠲᠤ ᠲᠣᠭᠲᠠᠭᠠᠯ ᠭᠠᠷᠭᠠᠨ᠎ᠠ᠂ ᠡᠭᠦᠨ ᠢ ᠰᠢᠨ᠎ᠡ ᠠᠶᠠᠨ ᠳᠤ ᠨᠠᠮ | ᠪᠠ ᠤᠯᠤᠰ ᠲᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠠᠴᠠ ᠪᠣᠳᠣᠯᠬᠢᠯᠠᠭᠰᠠᠨ ᠶᠤᠮ᠂ ᠵᠣᠷᠢᠯᠭ᠎ᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠤᠬᠠᠭᠠᠯᠠᠨ ᠲᠥᠯᠥᠪᠯᠡᠭᠡ ᠪᠠ ᠪᠠᠶᠢᠷᠢᠯᠠᠭᠤᠯᠤᠯᠲᠠ ᠬᠢᠵᠦ᠂ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠳᠦᠷᠢᠮ ᠤᠨ | ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠸᠠᠩ ᠬᠤᠤ ᠨᠢᠩ᠂ | ᠼᠠᠢ ᠴᠢ᠂ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶᠠᠨ ᠤ ᠲᠡᠷᠢᠭᠦᠯᠡᠭᠴᠢ | ᠵᠧᠩ ᠵᠢᠶᠠᠨ ᠪᠠᠩ᠂ ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠳ᠋ᠢᠩ ᠵᠦᠩ ᠯᠢ᠂ ᠳᠤᠮᠳᠠᠳᠤ | ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠬᠤᠤ | ᠮᠢᠩ ᠶᠢᠨ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠼᠠᠢ ᠳ᠋ᠠ ᠹᠧᠩ᠂ | ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠾᠧ ᠸᠧᠢ᠂ ᡁᠢᠭᠦ᠋ᠩᠳᠠᠩ | ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ | ᠨᠡᠶᠢᠭᠡᠮᠯᠢᠭ ᠤᠨ ᠲᠥᠪ ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ᠂ ᠲᠠᠶ᠋ᠢᠸᠠᠨ ᠤ ᠠᠷᠠᠳᠴᠢᠯᠠᠯ ᠢᠶᠠᠷ ᠥᠪᠡᠷᠲᠡᠭᠡᠨ | ᠵᠠᠰᠠᠬᠤ ᠬᠤᠯᠪᠤᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠰᠦ ᠬᠤᠢ᠂ ᠪᠦᠭᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ ᠬᠥᠮᠥᠰ ᠤᠨ | ᠲᠥᠯᠥᠭᠡᠯᠡᠭᠴᠢ ᠫᠢᠶᠣᠣ ᠱᠢ ᠯᠦᠩ ᠤᠷᠢᠳ ᠬᠤᠵᠢᠳ ᠦᠭᠡ ᠬᠡᠯᠡᠪᠡ᠃ ᠲᠡᠳᠡ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠣᠭᠲᠠᠭᠠᠯ ᠤᠨ ᠨᠣᠣᠷᠠᠭ ᠢ ᠪᠦᠷᠢᠮᠦᠰᠦᠨ | ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠡᠨᠡ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ | ᠲᠡᠦᠬᠡ ᠶᠢᠨ ᠰᠢᠨ᠎ᠡ ᠡᠭᠢᠯᠡᠯᠲᠡ᠂ ᠲᠡᠦᠬᠡ ᠶᠢᠨ ᠰᠢᠨ᠎ᠡ ᠣᠷᠣᠨ ᠪᠠᠶᠢᠷᠢ ᠳᠡᠭᠡᠷᠡᠬᠢ ᠥᠭᠡᠷᠡᠴᠢᠯᠡᠯᠲᠡ ᠶᠢᠨ ᠵᠢᠯᠤᠭᠤᠳᠬᠤ | ᠦᠵᠡᠯ ᠰᠠᠨᠠᠭ᠎ᠠ᠂ ᠬᠠᠷᠠᠯᠲᠠ ᠵᠠᠷᠴᠢᠮ ᠪᠠ ᠭᠤᠣᠯᠳᠠᠯᠭ᠎ᠠ ᠲᠠᠢ ᠡᠭᠦᠷᠭᠡ ᠵᠡᠷᠭᠡ ᠶᠢ ᠲᠤᠳᠤᠷᠬᠠᠶᠢᠯᠠᠵᠤ᠂ ᠴᠢᠬᠤᠯᠠ ᠶᠡᠭᠡ | ᠣᠨᠣᠯ ᠤᠨ ᠠᠴᠢ ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ ᠪᠠ ᠴᠠᠭ ᠦᠶ᠎ᠡ ᠶᠢᠨ ᠠᠴᠢ | ᠬᠤᠯᠪᠣᠭᠳᠠᠯ ᠲᠠᠢ ᠭᠡᠵᠦ ᠰᠠᠨᠠᠯ ᠨᠢᠭᠡᠲᠡᠢ ᠦᠵᠡᠵᠡᠭᠡᠬᠦ ᠶᠢᠨ ᠬᠠᠮᠲᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ | ᠬᠥᠭᠵᠢᠭᠡᠬᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠥᠮᠥᠨ | ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢᠨ ᠴᠢᠨᠠᠷᠲᠠᠢ ᠬᠠᠷᠰᠢ ᠰᠠᠭᠠᠳ ᠢ ᠠᠷᠢᠯᠭᠠᠬᠤ᠂ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ ᠲᠠᠢ ᠵᠣᠬᠢᠴᠠᠭᠰᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠮᠥᠩᠭᠦᠨ | ᠭᠦᠢᠯᠭᠡᠭᠡᠨ ᠤ ᠰᠢᠰᠲ᠋ᠧᠮ ᠢ ᠪᠠᠶᠢᠭᠤᠯᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠠᠬᠢᠭᠤᠯᠬᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ ᠶᠢ | ᠠᠬᠢᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ | ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠲᠡᠷᠡ ᠶᠠᠭᠤᠨ ᠤ ᠡᠮᠦᠨ᠎ᠡ ᠨᠠᠮ ᠤᠨ ᠲᠥᠪ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠤᠳᠤᠯᠬᠤ ᠪᠣᠳᠣᠯᠬᠢᠯᠠᠯ ᠪᠣᠯᠣᠨ ᠪᠢᠴᠢᠭ | ᠮᠠᠲ᠋ᠧᠷᠢᠶᠠᠯ ᠢ ᠲᠤᠭᠤᠷᠪᠢᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠠᠷᠠᠳᠴᠢᠯᠠᠯ ᠢ | ᠪᠠᠳᠠᠷᠠᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠰᠣᠨᠣᠰᠬᠤ | ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠠᠰᠠᠭᠤᠳᠠᠯ ᠢ ᠰᠤᠳᠤᠯᠬᠤ᠂ | ᠴᠢᠬᠤᠯᠠ ᠬᠤᠷᠠᠯ ᠤᠨ ᠪᠢᠴᠢᠭ ᠮᠠᠲ᠋ᠧᠷᠢᠶᠠᠯ ᠢ ᠲᠣᠭᠲᠠᠭᠠᠬᠤ ᠢᠮᠠᠭᠲᠠ ᠶᠢᠨ ᠠᠷᠭ᠎ᠠ ᠪᠠ ᠰᠢᠯᠢᠳᠡᠭ ᠤᠯᠠᠮᠵᠢᠯᠠᠯ ᠮᠥᠨ᠃ | ᠨᠢᠳᠤᠨᠤᠨ ᠤ 12 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠪ ᠤᠨ ᠨᠢᠭᠡᠳᠦᠮᠡᠯ | ᠹᠷᠣᠨᠲ ᠤᠨ ᠬᠡᠯᠲᠡᠰ ᠲᠤ ᠨᠠᠶᠢᠳᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠬᠤᠯᠪᠣᠭᠳᠠᠯ ᠪᠦᠬᠦᠢ ᠵᠥᠪᠯᠡᠬᠦ ᠵᠦᠢᠯ ᠤᠨ ᠲᠤᠬᠠᠢ ᠨᠠᠮ ᠤᠨ | ᠭᠠᠳᠠᠨᠠᠬᠢ ᠬᠥᠮᠥᠰ ᠤᠨ ᠰᠠᠨᠠᠯ ᠰᠠᠨᠠᠭᠤᠯᠭ᠎ᠠ ᠶᠢ ᠲᠤᠰᠬᠠᠶᠢᠯᠠᠨ ᠬᠤᠷᠢᠶᠠᠪᠠ᠂ ᠣᠯᠠᠨ ᠢᠶᠠᠷ ᠢᠶᠠᠨ ᠰᠢᠨ᠎ᠡ ᠴᠠᠭ ᠦᠶ᠎ᠡ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠲᠤᠷᠰᠢᠯᠭ᠎ᠠ᠂ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ᠂ ᠵᠢᠷᠤᠮᠯᠠᠬᠤ ᠴᠢᠬᠤᠯᠠᠲᠠᠢ ᠴᠢᠬᠤᠯᠠ ᠵᠠᠷᠴᠢᠮ᠂ ᠡᠯ᠎ᠡ | ᠬᠦᠷᠢᠶᠡᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠠᠷᠠᠯᠲᠠ ᠡᠭᠦᠷᠭᠡ᠂ ᠴᠢᠬᠤᠯᠠ ᠶᠡᠭᠡ ᠠᠷᠭ᠎ᠠ | ᠬᠡᠮᠵᠢᠶ᠎ᠡ᠂ ᠨᠠᠮ ᠤᠨ ᠭᠠᠳᠠᠨᠠᠬᠢ ᠬᠥᠮᠥᠰ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ | ᠦᠢᠯᠡᠳᠦᠯ ᠢ ᠪᠠᠳᠠᠷᠠᠭᠤᠯᠬᠤ ᠵᠡᠷᠭᠡ ᠠᠰᠠᠭᠤᠳᠠᠯ ᠤᠨ ᠲᠣᠭᠤᠷᠢᠨ ᠳᠤ ᠴᠥᠭᠡᠨ ᠪᠤᠰᠤ ᠦᠨ᠎ᠡ ᠥᠷᠲᠡᠭ ᠲᠠᠢ ᠰᠠᠨᠠᠯ | ᠰᠠᠨᠠᠭᠤᠯᠭ᠎ᠠ ᠳᠤᠷᠠᠳᠴᠠᠢ᠃ ᠤᠯᠠᠨ ᠢᠶᠠᠷ ᠢᠶᠠᠨ ᠰᠠᠶ᠋ᠢ ᠶᠢᠨ ᠶᠠᠷᠢᠶᠠᠨ ᠳᠠᠭᠠᠨ ᠮᠠᠰᠢ ᠰᠠᠶᠢᠨ ᠰᠠᠨᠠᠯ ᠰᠠᠨᠠᠭᠤᠯᠭ᠎ᠠ ᠳᠤᠷᠠᠳᠪᠠ | ᠂ ᠪᠢᠳᠠ ᠨᠠᠷᠢᠨ ᠬᠢᠨᠠᠮᠠᠭᠠᠢ ᠰᠤᠳᠤᠯᠤᠨ ᠰᠢᠩᠭᠡᠬᠡᠨ ᠠᠪᠤᠨ᠎ᠠ ᠭᠡᠵᠦ ᠵᠢᠭᠠᠵᠤ ᠭᠠᠷᠭᠠᠪᠠ᠃ ᠲᠡᠷᠡ ᠨᠠᠮ ᠤᠨ ᠲᠥᠪ | ᠬᠤᠷᠢᠶᠠᠨ ᠤ ᠡᠮᠦᠨ᠎ᠡ ᠠᠴᠠ ᠤᠯᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠭᠡᠪᠡᠯ | ᠠᠰᠠᠭᠤᠳᠠᠯ ᠳᠤ ᠰᠢᠭᠤᠳ ᠬᠠᠨᠳᠤᠬᠤ ᠬᠡᠷᠡᠭᠲᠡᠢ᠃ ᠠᠰᠠᠭᠤᠳᠠᠯ ᠤᠨ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠳᠤᠪᠤᠶᠢᠯᠭᠠᠨ᠂ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ ᠠᠷᠠᠳ ᠤᠨ | ᠰᠡᠳᠬᠢᠯ ᠤᠨ ᠬᠠᠨᠳᠤᠰᠢ ᠳᠤ ᠵᠣᠬᠢᠴᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ | ᠠᠰᠠᠭᠤᠳᠠᠯ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠨᠥᠯᠥᠭᠡᠯᠡᠵᠦ ᠪᠠᠶᠢᠭ᠎ᠠ ᠬᠠᠯᠠᠮᠰᠢᠯ ᠠᠰᠠᠭᠤᠳᠠᠯ᠂ | ᠠᠷᠠᠳ ᠤᠨ ᠠᠮᠢᠳᠤᠷᠠᠯ ᠤᠨ ᠲᠠᠯ᠎ᠠ ᠪᠠᠷ ᠬᠦᠴᠢᠷ ᠠᠰᠠᠭᠤᠳᠠᠯ᠂ ᠨᠠᠮ ᠤᠨ ᠪᠠᠶᠢᠭᠤᠯᠤᠯᠲᠠ ᠶᠢᠨ ᠳᠤᠪᠤᠶᠢᠮ᠎ᠠ ᠠᠰᠠᠭᠤᠳᠠᠯ᠂ | ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠭᠡᠷᠡᠴᠢᠯᠡᠯᠲᠡ ᠶᠢᠨ | ᠴᠢᠭᠯᠡᠭᠦᠯᠦᠯᠲᠦ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ᠃ ᠦᠩᠭᠡᠨ ᠲᠠᠯ᠎ᠠ ᠪᠠ | ᠦᠨᠳᠦᠰᠦ ᠠᠴᠠ ᠵᠠᠰᠠᠬᠤ ᠶᠢ ᠪᠠᠷᠢᠮᠲᠠᠯᠠᠵᠤ᠂ ᠦᠨᠳᠦᠰᠦ ᠠᠴᠠ ᠵᠠᠰᠠᠬᠤ ᠶᠢ ᠴᠢᠬᠤᠯᠠᠴᠢᠯᠠᠵᠤ᠂ ᠦᠷᠭᠦᠯᠵᠢᠯᠡᠨ ᠪᠦᠭᠦ | ᠲᠠᠯ᠎ᠠ ᠳᠤ ᠬᠦᠴᠦ ᠣᠷᠣᠭᠤᠯᠤᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠢ ᠳᠤᠪᠤᠶᠢᠮ᠎ᠠ ᠠᠰᠠᠭᠤᠳᠠᠯ ᠳᠤ ᠪᠦᠭᠦ ᠲᠠᠯ᠎ᠠ ᠪᠠᠷ | ᠪᠦᠷᠬᠦᠭᠦᠯᠬᠦ ᠭᠡᠷᠡᠭᠲᠡᠢ︔ ᠪᠠᠰᠠ ᠦᠷᠭᠦᠯᠵᠢᠯᠡᠨ ᠭᠦᠨᠵᠡᠭᠡᠶᠢᠷᠡᠭᠦᠯᠬᠦ ᠲᠠᠯ᠎ᠠ ᠪᠠᠷ ᠪᠣᠳᠠᠲᠤ ᠬᠦᠴᠦ ᠣᠷᠣᠭᠤᠯᠵᠤ᠂ ᠠᠵᠤ | ᠠᠬᠤᠢ ᠶᠢᠨ ᠪᠠᠶᠢᠭᠤᠯᠤᠯ ᠭᠡᠬᠦ ᠡᠨᠡ ᠬᠦ᠋ ᠭᠤᠣᠯᠳᠠᠯᠭ᠎ᠠ ᠶᠢ ᠳᠤᠪᠤᠶᠢᠯᠭᠠᠵᠤ᠂ ᠭᠦᠨ ᠳᠠᠪᠬᠤᠷᠭ᠎ᠠ ᠶᠢᠨ ᠪᠠᠶᠢᠭᠤᠯᠤᠯ | ᠲᠣᠭᠲᠠᠴᠠ ᠶᠢᠨ ᠬᠠᠷᠰᠢ ᠰᠠᠭᠠᠳ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠠᠷᠢᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ᠃ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠳᠤᠤᠭᠠᠷᠪᠠᠯ ᠲᠠᠭᠤ ᠨᠢᠭᠡᠲᠡᠢ ᠳᠤᠭᠲᠤᠷᠪᠠᠯ | ᠬᠦᠴᠦ ᠨᠢᠭᠡᠲᠡᠢ ᠪᠠᠶᠢᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠤᠯᠠᠨ ᠲᠦᠮᠡᠨᠴᠢ | ᠱᠤᠭᠤᠮ ᠢᠶᠠᠷ ᠰᠠᠶᠢᠳᠤᠷ ᠵᠠᠮᠨᠠᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ | ᠠᠷᠠᠳ ᠠᠴᠠ ᠠᠰᠠᠭᠤᠵᠤ᠂ ᠦᠨᠳᠦᠰᠦᠨ ᠱᠠᠲᠤ ᠪᠣᠯᠣᠨ ᠤᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠭᠦᠨᠳᠦᠳᠬᠡᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯᠡᠰ ᠠᠴᠠ | ᠥᠭᠡᠷᠡᠴᠢᠯᠡᠯᠲᠡ ᠶᠢᠨ ᠬᠦᠴᠦᠯᠡᠬᠦ ᠴᠡᠭ ᠪᠣᠯᠣᠨ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ ᠣᠯᠬᠤ ᠶᠢ | ᠴᠢᠬᠤᠯᠠᠴᠢᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ᠃ | ᠠᠷᠠᠳᠴᠢᠯᠠᠯ ᠢ ᠪᠠᠳᠠᠷᠠᠭᠤᠯᠬᠤ᠂ ᠲᠦᠮᠡᠨ ᠤ ᠰᠠᠨᠠᠯ ᠢ ᠠᠪᠴᠤ ᠣᠯᠠᠨ ᠤ ᠤᠬᠠᠭᠠᠨ ᠢ ᠲᠥᠪᠯᠡᠷᠡᠭᠦᠯᠬᠦ ᠶᠢ ᠪᠠᠷᠢᠮᠲᠠᠯᠠᠨ᠂ | ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠢᠨᠵᠢᠯᠡᠬᠦ ᠤᠬᠠᠭᠠᠨᠴᠢ ᠴᠢᠨᠠᠷ ᠪᠣᠯᠣᠨ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠬᠤ ᠳᠤ ᠡᠷᠬᠡᠪᠰᠢ ᠰᠢᠰᠲ᠋ᠧᠮ ᠤᠨ ᠦᠵᠡᠯᠲᠡ᠂ | ᠪᠦᠭᠦ ᠲᠠᠯ᠎ᠠ ᠶᠢᠨ ᠦᠵᠡᠯᠲᠡ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ ᠶᠢ | ᠴᠢᠩᠭᠠᠳᠬᠠᠵᠤ᠂ ᠬᠥᠩᠭᠡᠨ ᠬᠦᠨᠳᠦ ᠠᠯᠭᠤᠷ ᠪᠠᠴᠢᠮ ᠢ ᠬᠤᠪᠢᠶᠠᠵᠤ᠂ ᠰᠢᠰᠲ᠋ᠧᠮ ᠤᠨ ᠬᠤᠷᠠᠮᠠᠯ ᠢ ᠨᠡᠩ ᠢᠯᠡᠭᠦᠦ | ᠴᠢᠬᠤᠯᠠᠴᠢᠯᠠᠬᠤ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ | ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠢᠵᠢᠯ ᠴᠢᠭᠯᠡᠯ ᠢᠶᠠᠷ | ᠬᠦᠴᠦᠯᠡᠬᠦ ᠶᠢ ᠠᠬᠢᠭᠤᠯᠵᠤ᠂ ᠪᠦᠬᠦᠯᠢ ᠴᠣᠭᠴᠠ ᠶᠢᠨ ᠦᠷ᠎ᠡ ᠠᠰᠢᠭ ᠢ ᠴᠢᠩᠭᠠᠳᠬᠠᠬᠤ ᠬᠡᠷᠡᠭᠲᠡᠢ᠃ ᠬᠠᠮᠢᠶ᠎ᠠ ᠪᠦᠬᠦᠢ | ᠭᠠᠵᠠᠷ ᠣᠷᠣᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠬᠦᠷᠢᠶᠡᠨ ᠳᠤ ᠥᠭᠡᠷᠡᠴᠢᠯᠡᠯᠲᠡ ᠶᠢ ᠠᠬᠢᠭᠤᠯᠬᠤ | ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠤᠪᠢ ᠬᠤᠪᠢᠨ ᠤ ᠪᠤᠳᠤᠬᠰᠠᠨ ᠢᠶᠠᠷ ᠢᠶᠠᠨ ᠬᠢᠵᠦ᠂ ᠬᠠᠷᠢᠯᠴᠠᠨ ᠬᠠᠷᠰᠢᠯᠠᠬᠤ ᠶᠢ | ᠡᠷᠡᠰ ᠰᠡᠷᠭᠡᠶᠢᠯᠡᠨ ᠲᠡᠪᠴᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠬᠢᠬᠦ ᠳᠤ ᠲᠥᠯᠦᠪᠵᠢᠭᠦᠯᠭᠡ ᠬᠢᠬᠦ ᠶᠢ ᠴᠢᠬᠤᠯᠠᠴᠢᠯᠠᠵᠤ᠂ | ᠨᠠᠶᠢᠳᠠᠪᠤᠷᠢᠵᠢᠭᠤᠯᠤᠯᠲᠠ ᠶᠢ ᠨᠡᠩ ᠰᠠᠶᠢᠳᠤᠷ ᠠᠳᠬᠤᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠣᠳᠠᠲᠤ | ᠪᠠᠶᠢᠳᠠᠯ ᠢ ᠪᠠᠶᠢᠴᠠᠭᠠᠨ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠭᠡᠯᠪᠡᠷᠢ ᠶᠢᠨ | ᠦᠵᠡᠯ ᠢ ᠡᠷᠡᠰ ᠰᠡᠷᠭᠡᠶᠢᠯᠡᠨ ᠲᠡᠪᠴᠢᠵᠦ᠂ ᠥᠩᠭᠡᠪᠴᠢ ᠲᠡᠳᠦᠢ ᠳᠦᠷᠢ ᠲᠥᠷᠬᠦ ᠶᠢᠨ ᠢᠨᠵᠧᠨᠧᠷᠢᠩ ᠂ ᠠᠷᠠᠳ ᠢ | ᠵᠦᠳᠡᠭᠡᠵᠦ ᠡᠳ᠋ ᠢ ᠰᠦᠢᠳᠬᠡᠬᠦ ᠠᠵᠢᠯ ᠤᠨ ᠠᠮᠵᠢᠯᠲᠠ ᠶᠢᠨ ᠢᠨᠵᠧᠨᠧᠷᠢᠩ ᠢ ᠬᠢᠬᠦ ᠶᠢ ᠡᠷᠡᠰ ᠴᠡᠭᠡᠷᠯᠡᠬᠦ ᠬᠡᠷᠡᠭᠲᠡᠢ᠃ | ᠬᠡᠷᠡᠭᠵᠢᠭᠦᠯᠬᠦ ᠲᠥᠰᠥᠯ ᠢ ᠰᠠᠶᠢᠳᠤᠷ ᠲᠣᠭᠲᠠᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ | ᠴᠠᠭ ᠲᠤᠨᠢ ᠲᠣᠬᠢᠷᠠᠭᠤᠯᠤᠨ ᠲᠣᠬᠢᠷᠠᠮᠵᠢᠲᠠᠢ ᠪᠠᠶᠢᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠨ ᠬᠢᠵᠦ᠂ | ᠪᠣᠳᠠᠲᠠᠢ ᠠᠴᠠ ᠰᠠᠯᠤᠩᠭᠢᠷᠠᠬᠤ ᠶᠢ ᠴᠢᠩᠭ᠎ᠠ ᠴᠡᠭᠡᠷᠯᠡᠬᠦ ᠬᠡᠷᠡᠭᠲᠡᠢ᠃ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠤᠷᠢᠳᠠᠪᠠᠷ ᠰᠢᠨ᠎ᠡ ᠶᠢ ᠪᠠᠶᠢᠭᠤᠯᠤᠨ ᠰᠡᠭᠦᠯᠡᠷ | ᠬᠠᠭᠤᠴᠢᠨ ᠢ ᠡᠪᠳᠡᠬᠦ ᠶᠢ ᠴᠢᠬᠤᠯᠠᠴᠢᠯᠠᠵᠤ᠂ ᠪᠠᠶᠢᠭᠤᠯᠤᠭᠠᠳᠤᠢ ᠪᠠᠷ ᠤᠷᠢᠳᠠᠪᠠᠷ ᠡᠪᠳᠡᠵᠦ ᠪᠤᠯᠬᠤ ᠦᠭᠡᠢ᠃ ᠵᠣᠬᠢᠶᠠᠨ | ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭᠠᠳᠬᠠᠨ ᠪᠤᠲᠠᠳᠠᠶᠢᠵᠢᠭᠤᠯᠵᠤ᠂ ᠡᠯ᠎ᠡ | ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠴᠢᠳᠠᠪᠤᠷᠢ | ᠪᠣᠯᠣᠨ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠭᠠᠨ ᠵᠢᠶᠧ᠂ ᠯᠢ ᠱᠤ ᠯᠧᠢ᠂ ᠯᠢ ᠬᠤᠩ ᠵᠥᠩ᠂ ᠾᠧ ᠯᠢ ᠹᠧᠩ᠂ ᠵᠠᠩ ᠭᠦᠸᠧ ᠴᠢᠩ᠂ ᠴᠧᠨ ᠸᠧᠨ ᠴᠢᠩ | ᠂ ᠸᠠᠩ ᠰᠢᠶᠣᠣ ᠬᠤᠩ᠂ ᠮᠦ᠋ ᠬᠤᠩ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ ᠶᠠᠷᠢᠯᠴᠠᠬᠤ ᠬᠤᠷᠠᠯ ᠳᠤ | ᠣᠷᠣᠯᠴᠠᠬᠰᠠᠨ ᠨᠠᠮ ᠤᠨ ᠭᠠᠳᠠᠨᠠᠬᠢ ᠬᠥᠮᠥᠰ ᠲᠤ ᠪᠠᠰᠠ ᠱᠤᠤ ᠬᠤᠩ᠂ ᠾᠧ ᠪᠦ᠋ᠦ ᠰᠢᠶᠠᠩ᠂ ᠸᠠᠩ ᠭᠤᠸᠠᠩ ᠴᠢᠶᠠᠨ᠂ | ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠪᠣᠯᠣᠨ ᠵᠠᠩ ᠧᠨ ᠳ᠋ᠢ᠂ ᠵᠢᠶᠠᠩ ᠯᠢ ᠫᠢᠩ᠂ ᠹᠠᠩ ᠭᠤᠸᠠᠩ ᠬᠤᠸᠠ | ᠂ ᠶᠠᠩ ᠬᠤᠸᠠ ᠶᠦᠩ ᠨᠠᠷ ᠪᠤᠢ᠃ | ᠳᠡᠪᠰᠢᠭᠦᠯᠦᠭᠴᠢ ᠄ ᠲᠡᠷᠭᠡᠯ | |