ᠳᠥᠷᠪᠡᠳ ᠬᠤᠰᠢᠭᠤᠨ ᠤ ᠨᠣᠮᠣᠭᠠᠨ ᠰᠤᠮᠤ᠄ ᠰᠠᠨᠰᠠᠷ ᠠᠶᠠᠯᠠᠯ ᠤᠨ ᠬᠦᠰᠡᠯ ᠵᠡᠭᠦᠳᠦ ᠶᠢᠨ ᠬᠥᠪᠴᠢᠯᠡᠭᠰᠡᠨ ᠭᠠᠵᠠᠷ
ᠨᠡᠶᠢᠲᠡᠯᠡᠭᠰᠡᠨ ᠴᠠᠭ᠄
2024/7/26
      ᠳᠥᠷᠪᠡᠳ ᠬᠤᠰᠢᠭᠤᠨ ᠤ ᠨᠣᠮᠣᠭᠠᠨ ᠰᠤᠮᠤ᠄ ᠰᠠᠨᠰᠠᠷ ᠠᠶᠠᠯᠠᠯ ᠤᠨ ᠬᠦᠰᠡᠯ ᠵᠡᠭᠦᠳᠦ ᠶᠢᠨ ᠬᠥᠪᠴᠢᠯᠡᠭᠰᠡᠨ ᠭᠠᠵᠠᠷ      ᠥᠪᠥᠷ ᠮᠣᠩᠭᠤᠯ ᠤᠨ ᠳᠥᠷᠪᠡᠳ ᠬᠤᠰᠢᠭᠤᠨ ᠤ ᠨᠣᠮᠣᠭᠠᠨ ᠰᠤᠮᠤ ᠶᠢᠨ ᠥᠷᠭᠡᠨ ᠠᠭᠤᠳᠠᠮ ᠭᠠᠵᠠᠷ ᠲᠤ ᠬᠢᠲᠠᠳ ᠤᠨ ᠬᠥᠮᠦᠨ ᠠᠭᠠᠷ ᠤᠨ ᠠᠶᠠᠯᠠᠯ ᠤᠨ ᠬᠦᠰᠡᠯ ᠮᠥᠷᠥᠭᠡᠳᠦᠯ ᠪᠣᠯᠤᠨ ᠬᠦᠰᠡᠯ ᠲᠡᠮᠡᠦᠯᠡᠯ ᠢ ᠣᠷᠣᠯᠴᠠᠭᠤᠯᠤᠭᠰᠠᠨ ᠣᠯᠠᠨ ᠠᠷᠪᠢᠨ ᠵᠣᠬᠢᠶᠠᠯ ᠢ ᠵᠠᠯᠭᠠᠨ ᠪᠢᠴᠢᠵᠡᠢ᠃ 
7.25+1.jpeg
      ᠳᠥᠷᠪᠡᠳ ᠬᠤᠰᠢᠭᠤ ᠥᠪᠡᠷ ᠤᠨ ᠢᠶᠠᠨ ᠣᠨᠴᠠᠭᠠᠢ ᠭᠠᠵᠠᠷ ᠵᠦᠢ ᠶᠢᠨ ᠣᠷᠴᠢᠨ ᠲᠣᠭᠤᠷᠢᠨ ᠪᠠ ᠠᠭᠤᠷ ᠠᠮᠢᠰᠬᠤᠯ ᠤᠨ ᠨᠥᠬᠦᠴᠡᠯ‌‍ᠡᠴᠡ ᠪᠣᠯᠵᠤ ᠮᠠᠨ ᠤ ᠤᠯᠤᠰ ᠤᠨ ᠰᠠᠨᠰᠠᠷ ᠤᠨ ᠦᠢᠯᠡᠰ ᠤᠨ ᠴᠢᠬᠤᠯᠠ ᠭᠠᠵᠠᠷᠳᠠᠬᠤ ᠲᠠᠯᠠᠪᠤᠷ ᠪᠣᠯᠵᠤ᠂ ᠨᠣᠮᠣᠭᠠᠨ ᠰᠤᠮᠤ ᠨᠢ ᠣᠯᠠᠨ ᠵᠢᠯ ᠤᠨ ᠲᠤᠷᠰᠢ ᠮᠠᠨ ᠤ ᠤᠯᠤᠰ ᠤᠨ ᠣᠯᠠᠨ ᠤᠳᠠᠭ᠎ᠠ ᠰᠠᠨᠰᠠᠷ ᠤᠨ ᠦᠢᠯᠡᠰ ᠤᠨ ᠭᠡᠷᠡᠯ ᠰᠠᠴᠤᠷᠠᠩᠭᠤᠢ ᠠᠮᠵᠢᠯᠲᠠ ᠶᠢ ᠣᠯᠵᠤ᠂ ᠮᠠᠨ ᠤ ᠤᠯᠤᠰ ᠤᠨ ᠰᠠᠨᠰᠠᠷ ᠤᠨ ᠦᠢᠯᠡᠰ ᠤᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠬᠤ ᠴᠡᠭ ᠪᠣᠯᠵᠠᠢ᠃
7.25+2.jpeg
      ᠮᠠᠨ ᠤ ᠤᠯᠤᠰ ᠰᠠᠨᠰᠠᠷ ᠤᠨ ᠬᠠᠶᠢᠨ ᠰᠦᠪᠡᠭᠴᠢᠯᠡᠯᠲᠡ ᠶᠢᠨ ᠠᠶᠠᠨ ᠵᠠᠮ ᠢᠶᠠᠨ  ᠡᠬᠢᠯᠡᠭᠰᠡᠨ ᠠᠴᠠ ᠨᠡᠰᠢ᠂ ᠨᠣᠮᠣᠭᠠᠨ ᠰᠤᠮᠤ ᠴᠢᠬᠤᠯᠠ ᠡᠭᠦᠷᠭᠡ ᠶᠢ ᠠᠯᠳᠠᠯ ᠥᠬᠡᠢ ᠳᠠᠭᠠᠭᠠᠭᠰᠠᠭᠠᠷ ᠢᠷᠡᠵᠡᠢ᠃ ᠬᠤᠪᠢᠯᠭᠠᠨ ᠵᠠᠪᠢ ᠭᠡᠬᠦ ᠰᠢᠷᠢᠰ ᠨᠢᠰᠬᠦ  ᠤᠩᠭᠤᠴᠠ ᠠᠴᠠ ᠴᠠᠩ ᠧ ᠰᠠᠷᠠ ᠶᠢ ᠬᠠᠶᠢᠬᠤ ᠢᠨᠵᠧᠨᠧᠷᠢᠩ ᠬᠦᠷᠲᠡᠯ᠎ᠡ᠂ ᠬᠦᠨᠳᠦ ᠴᠢᠬᠤᠯᠠ ᠰᠠᠨᠰᠠᠷ ᠤᠨ ᠡᠭᠦᠷᠭᠡ ᠶᠢᠨ ᠠᠮᠵᠢᠯᠲᠠ ᠨᠢ ᠠᠳᠡᠬᠢ ᠭᠠᠵᠠᠷ ᠨᠤᠲᠤᠭ ᠤᠨ  ᠳᠡᠮᠵᠢᠯᠭᠡ ᠠᠴᠠ ᠰᠠᠯᠵᠤ ᠴᠢᠳᠠᠬᠤ ᠥᠬᠡᠢ ᠃ ᠰᠠᠨᠰᠠᠷ ᠠᠶᠠᠯᠠᠯ ᠤᠨ ᠪᠤᠴᠠᠯᠲᠠ ᠶᠢᠨ ᠥᠷᠥᠭᠡ ᠨᠢᠭᠡᠪᠦᠷᠢ ᠳᠤ ᠣᠭᠲᠠᠷᠭᠤᠢ ᠶᠢ ᠵᠦᠰᠦᠵᠦ᠂ ᠲᠠᠷᠢᠬᠢ ᠮᠣᠳᠣ ᠨᠡᠩ ᠰᠤᠮᠤᠨ ᠤ ᠥᠷᠭᠡᠨ ᠠᠭᠤᠳᠠᠮ ᠭᠠᠵᠠᠷ ᠲᠤ ᠣᠨᠣᠪᠴᠢᠲᠠᠢ ᠪᠠᠭᠤᠬᠤ ᠪᠦᠷᠢ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠪᠠᠰᠠ ᠨᠢᠭᠡᠨ ᠯᠠᠪᠳᠠᠭᠤᠨ ᠪᠠᠲᠤᠲᠠᠢ ᠠᠯᠬᠤᠭᠰᠠᠨ ᠢ ᠬᠠᠷᠠᠭᠤᠯᠵᠤ ᠪᠠᠶᠢᠨ᠎ᠠ᠃
7.25+3.jpeg
      ᠠᠳᠡ ᠨᠢᠭᠡᠨ ᠰᠠᠯᠠᠭ᠎ᠠ ᠲᠤᠰᠬᠠᠢ ᠮᠡᠷᠭᠡᠵᠢᠯ ᠤᠨ ᠡᠷᠢᠵᠦ ᠠᠪᠤᠷᠠᠬᠤ ᠡᠩᠨᠡᠭᠡ ᠴᠠᠭ ᠢᠮᠠᠭᠲᠠ ᠵᠠᠷᠯᠢᠭ ᠬᠦᠯᠢᠶᠡᠵᠦ᠂ ᠲᠡᠳᠡ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠤᠳᠠᠭ᠎ᠠ ᠪᠦᠷᠢ ᠶᠢᠨ ᠬᠤᠷᠢᠶᠠᠨ ᠠᠪᠬᠤ ᠡᠭᠦᠷᠭᠡ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠠᠢ᠃ ᠡᠭᠦᠨ ᠤ ᠬᠠᠮᠲᠤ᠂ ᠨᠣᠮᠣᠭᠠᠨ ᠰᠤᠮᠤ ᠵᠢᠴᠢ ᠲᠤᠰ ᠭᠠᠵᠠᠷ ᠤᠨ ᠭᠠᠴᠠᠭᠠᠨ ᠤ ᠬᠤᠶᠠᠷ ᠵᠥᠪᠯᠡᠯ ᠪᠣᠯᠤᠨ ᠬᠢᠯᠢ ᠶᠢᠨ ᠲᠣᠮᠢᠯᠠᠭᠰᠠᠨ ᠰᠠᠯᠪᠤᠷᠢ ᠢᠳᠡᠪᠬᠢᠲᠡᠢ ᠪᠠᠷ ᠤᠷᠢᠶᠠᠯᠠᠨ᠂ ᠦᠳᠲᠡᠷ ᠲᠦᠷᠭᠡᠨ ᠬᠥᠳᠡᠯᠦᠯᠴᠡᠨ᠂ ᠡᠯ᠎ᠡ ᠲᠥᠷᠥᠯ ᠤᠨ ᠪᠠᠲᠤᠯᠠᠭ᠎ᠠ ᠶᠢᠨ ᠠᠵᠢᠯ ᠳᠤ ᠪᠦᠬᠦ ᠬᠦᠴᠦᠨ ᠢᠶᠠᠷ ᠢᠶᠠᠨ ᠣᠷᠣᠯᠴᠠᠬᠤ ᠬᠡᠷᠡᠭᠲᠡᠢ᠃
7.25+4.jpeg
       ᠴᠠᠩ ᠡᠧ ᠵᠢᠷᠭᠤᠳᠤᠭᠠᠷ ᠤᠨ ᠤᠷᠤᠭᠰᠢᠲᠠᠢ ᠪᠠᠷ ᠪᠤᠴᠠᠵᠤ ᠢᠷᠡᠬᠦ ᠶᠢ ᠪᠠᠲᠤᠯᠠᠬᠤ ᠶᠢᠨ ᠲᠤᠰᠠᠳᠠ᠂ 6 ᠰᠠᠷ᠎ᠠ ᠶᠢᠨ 4 ᠤ ᠡᠳᠦᠷ‌‍ᠡᠴᠡ ᠡᠬᠢᠯᠡᠨ᠂ ᠨᠣᠮᠣᠭᠠᠨ ᠰᠤᠮᠤ ᠶᠢᠨ ᠠᠮᠦ᠋ᠰᠤ ᠭᠠᠴᠠᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠤᠣᠯ ᠪᠠᠭᠤᠬᠤ ᠣᠷᠣᠨ ᠳᠤ ᠪᠣᠯᠪᠠᠰᠤᠷᠠᠯ ᠬᠢᠵᠦ᠂ ᠡᠷᠢᠵᠦ ᠬᠤᠷᠢᠶᠠᠬᠤ ᠶᠠᠪᠤᠴᠠ ᠶᠢ ᠣᠶᠢᠯᠠᠭᠠᠵᠤ᠂ ᠡᠯ᠎ᠡ ᠵᠦᠢᠯ ᠤᠨ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠡᠢ᠃ᠡᠨᠡ ᠬᠤᠭᠤᠴᠠᠭᠠᠨ ᠳᠤ᠂ ᠨᠣᠮᠣᠭᠠᠨ ᠰᠤᠮᠤ ᠨᠢ ᠠᠵᠢᠭᠯᠠᠵᠤ ᠣᠯᠤᠭᠰᠠᠨ ᠡᠭᠦᠷᠭᠡ ᠪᠠᠨ ᠠᠵᠢᠭᠯᠠᠵᠤ ᠣᠯᠤᠭᠰᠠᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠳᠤ ᠵᠣᠷᠯᠣᠩ᠂ ᠪᠡᠶ᠎ᠡ ᠤᠬᠢᠶᠠᠬᠤ ᠵᠡᠷᠭᠡ ᠠᠮᠢᠳᠤᠷᠠᠯ ᠤᠨ ᠪᠠᠲᠤᠯᠠᠭᠠᠨ ᠤ ᠲᠠᠯᠠᠪᠤᠷ ᠬᠠᠩᠭᠠᠨ ᠴᠠᠩ ᠧᠨ ᠵᠢᠷᠭᠤᠳᠤᠭᠠᠷ ᠠᠮᠤᠷ ᠲᠦᠪᠰᠢᠨ ᠭᠡᠷ ᠲᠡᠭᠡᠨ ᠬᠠᠷᠢᠬᠤ ᠳᠤ ᠥᠪᠡᠷ ᠤᠨ ᠬᠦᠴᠦᠨ ᠢᠶᠠᠨ ᠡᠷᠭᠦᠵᠦ ᠪᠠᠶᠢᠨ᠎ᠠ᠃
7.25+5.jpeg
      ᠭᠠᠴᠠᠭᠠᠨ ᠤ ᠬᠤᠶᠠᠷ ᠵᠥᠪᠯᠡᠯ ᠨᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠬᠠᠢ ᠶᠢᠨ ᠭᠠᠵᠠᠷ ᠤᠨ ᠮᠠᠯᠴᠢᠨ ᠲᠦᠮᠡᠨ ᠢ ᠢᠳᠡᠪᠬᠢᠲᠡᠢ ᠳᠠᠶᠢᠴᠢᠯᠠᠵᠤ᠂ ᠲᠡᠳᠡᠨ ᠳᠤ ᠰᠠᠨᠰᠠᠷ ᠤᠨ ᠠᠶᠠᠯᠠᠯ ᠤᠨ ᠡᠭᠦᠷᠭᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠬᠠᠭᠤᠯᠵᠤ᠂ ᠣᠯᠠᠨ ᠲᠦᠮᠡᠨ ᠤ ᠥᠷᠭᠡᠨ ᠢᠶᠠᠷ ᠣᠶᠢᠯᠠᠭᠠᠯᠲᠠ ᠪᠠ ᠳᠡᠮᠵᠢᠯᠭᠡ ᠶᠢ ᠣᠯᠤᠭᠰᠠᠨ ᠪᠠᠶᠢᠨ᠎ᠠ᠃ ᠡᠭᠦᠷᠭᠡ ᠭᠦᠢᠴᠡᠳᠬᠡᠵᠦ ᠪᠠᠶᠢᠭ᠎ᠠ ᠬᠤᠭᠤᠴᠠᠭᠠᠨ ᠳᠤ᠂ ᠭᠠᠴᠠᠭᠠᠨ ᠤ ᠬᠤᠶᠠᠷ ᠵᠥᠪᠯᠡᠯ ᠲᠤᠬᠠᠢ ᠶᠢᠨ ᠭᠠᠵᠠᠷ ᠤᠨ ᠮᠠᠯᠴᠢᠨ ᠲᠦᠮᠡᠨ ᠢ ᠳᠠᠭᠠᠭᠤᠯᠤᠨ ᠲᠠᠯᠠᠪᠤᠷ ᠤᠨ ᠣᠶᠢᠷ᠎ᠠ ᠬᠠᠪᠢ ᠶᠢᠨ ᠠᠮᠤᠷ ᠲᠦᠪᠰᠢᠨ ᠤ ᠴᠠᠭᠳᠠᠨ ᠪᠠᠶᠢᠴᠠᠭᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠳᠤ ᠢᠳᠡᠪᠬᠢᠲᠡᠢ ᠣᠷᠣᠯᠴᠠᠭᠤᠯᠵᠤ᠂ ᠰᠠᠷᠠᠨ ᠳᠠᠭᠢᠨᠢ ᠵᠢᠷᠭᠤᠭᠠᠳᠤᠭᠠᠷ ᠨᠣᠮᠧᠷᠲᠦ ᠠᠮᠵᠢᠯᠲᠠ ᠲᠠᠢ ᠪᠠᠷ ᠭᠠᠵᠠᠷ ᠪᠠᠭᠤᠬᠤ ᠳᠤᠨᠢ ᠠᠮᠤᠷ ᠲᠦᠪᠰᠢᠨ᠂ ᠲᠣᠭᠲᠠᠭᠤᠨ᠂ ᠡᠮᠬᠢ ᠳᠢᠭᠯᠢᠮ ᠲᠠᠢ ᠭᠠᠳᠠᠭᠠᠳᠤ ᠣᠷᠴᠢᠨ ᠲᠣᠭᠤᠷᠢᠨ ᠢ ᠪᠣᠢ ᠪᠣᠯᠭᠠᠵᠤ ᠥᠭᠪᠡ᠃       ᠳᠥᠷᠪᠡᠳ ᠬᠤᠰᠢᠭᠤᠨ ᠤ ᠨᠣᠮᠣᠭᠠᠨ ᠰᠤᠮᠤ ᠶᠢᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠰᠠᠨᠰᠠᠷ ᠤᠨ ᠠᠶᠠᠯᠠᠯ ᠤᠨ ᠦᠢᠯᠡᠰ ᠲᠤ ᠴᠢᠬᠤᠯᠠ ᠦᠢᠯᠡᠳᠦᠯ ᠦᠵᠡᠭᠦᠯᠵᠦ ᠴᠠᠭᠳᠠᠭ᠎ᠠ ᠨᠠᠷ ᠤᠬᠠᠭᠤᠯᠭ᠎ᠠ ᠶᠢᠨ ᠬᠠᠭᠤᠳᠠᠰᠤ ᠠᠪᠴᠤ ᠣᠯᠠᠨ ᠲᠦᠮᠡᠨ ᠳᠤ ᠠᠩᠬᠠᠷᠬᠤ ᠵᠦᠢᠯ ᠢ ᠮᠡᠳᠡᠭᠦᠯᠪᠡ᠃ ᠲᠡᠳᠡ ᠡᠷᠲᠡ ᠭᠠᠷᠴᠤ ᠣᠷᠣᠢ ᠬᠠᠷᠢᠵᠤ᠂ ᠡᠷᠦᠬᠡ ᠳᠠᠷᠠᠭᠠᠯᠠᠨ ᠬᠤᠷᠢᠶᠠᠬᠤ ᠭᠠᠵᠠᠷ ᠤᠨ ᠣᠶᠢᠷᠠᠯᠴᠠᠭᠠᠬᠢ ᠰᠠᠭᠤᠭᠠᠯᠢ ᠠᠷᠠᠳ ᠲᠤ ᠪᠠᠶᠢᠴᠠᠭᠠᠯᠲᠠ ᠬᠢᠵᠦ᠂ ᠴᠠᠩ ᠧ ᠵᠢᠷᠭᠤᠳᠤᠭᠠᠷ ᠪᠤᠴᠠᠬᠤ ᠮᠠᠰᠢᠨ ᠢ ᠠᠮᠤᠷ ᠲᠦᠪᠰᠢᠨ ᠢ ᠪᠠᠲᠤᠯᠠᠬᠤ ᠲᠤᠬᠠᠢ ᠰᠤᠷᠲᠠᠯᠴᠢᠯᠠᠵᠠᠢ᠃ᠡᠨᠡᠬᠦ ᠡᠩᠨᠡᠭᠡ ᠬᠤᠪᠢᠯᠭᠠᠨ ᠵᠠᠪᠢ᠂ ᠴᠠᠩ ᠧ ᠲᠠᠪᠤᠳᠤᠭᠠᠷ ᠵᠡᠷᠭᠡ ᠨᠢᠰᠦᠭᠦᠷ ᠢ ᠬᠤᠷᠢᠶᠠᠬᠤ ᠠᠮᠤᠷ ᠲᠦᠪᠰᠢᠨ ᠤ ᠡᠭᠦᠷᠭᠡ ᠶᠢ ᠤᠷᠢᠳ ᠬᠤᠵᠢᠳ ᠬᠠᠷᠢᠭᠤᠴᠠᠵᠠᠢ᠃ ᠡᠨᠡ ᠤᠳᠠᠭ᠎ᠠ ᠲᠡᠳᠡ ᠮᠥᠨ ᠬᠣ ᠴᠠᠩ ᠧ ᠵᠢᠷᠭᠤᠳᠤᠭᠠᠷ ᠨᠣᠮᠧᠷᠲᠦ ᠶᠢ ᠰᠠᠬᠢᠨ ᠬᠠᠮᠠᠭᠠᠯᠠᠵᠤ ᠭᠡᠷ ᠲᠡᠭᠡᠨ ᠬᠠᠷᠢᠬᠤ ᠬᠦᠨᠳᠦ ᠡᠭᠦᠷᠭᠡ ᠶᠢ ᠡᠭᠦᠷᠭᠡᠯᠡᠵᠦ ᠪᠣᠢ᠃
7.25+6.jpeg
      ᠲᠤᠬᠠᠢ ᠶᠢᠨ ᠭᠠᠵᠠᠷ ᠤᠨ ᠮᠠᠯᠴᠢᠳ ᠡᠳᠡᠭᠡᠷ ᠨᠢᠰᠦᠭᠦᠷ ᠤᠨ ᠣᠷᠣᠨ ᠵᠠᠢ ᠶᠢᠨ ᠬᠠᠶᠢᠯᠲᠠ ᠨᠢ ᠲᠡᠳᠡᠨ ᠤ ᠠᠮᠢᠳᠤᠷᠠᠯ ᠲᠠᠢ ᠶᠠᠮᠠᠷ ᠬᠤᠯᠪᠣᠭ᠎ᠠ ᠲᠠᠢ ᠶᠢ ᠪᠦᠷᠢᠮᠦᠰᠦᠨ ᠮᠡᠳᠡᠬᠦ ᠦᠭᠡᠢ ᠪᠠᠶᠢᠵᠤ ᠮᠡᠳᠡᠨ᠎ᠡ᠂ ᠭᠡᠪᠡᠴᠦ ᠲᠡᠳᠡᠨ ᠤ ᠰᠡᠳᠬᠢᠯ ᠳᠣᠲᠣᠷᠠᠬᠢ ᠲᠡᠷᠡᠬᠦ ᠪᠣᠷᠣᠭᠵᠢᠭᠤᠨ ᠬᠠᠶᠢᠷ᠎ᠠ ᠰᠡᠳᠬᠢᠯᠭᠡ ᠨᠢ ᠲᠡᠳᠡᠨ ᠳᠤ ᠡᠨᠡ ᠪᠣᠯ ᠡᠬᠡ ᠤᠯᠤᠰ ᠤᠨ ᠰᠠᠨᠰᠠᠷ ᠤᠨ ᠦᠢᠯᠡᠰ ᠤᠨ ᠶᠡᠭᠡ ᠶᠠᠪᠤᠳᠠᠯ ᠪᠣᠯᠬᠤᠷ ᠲᠡᠳᠡ ᠪᠦᠬᠦ ᠬᠦᠴᠦ ᠪᠠᠷ ᠢᠶᠠᠨ ᠳᠡᠮᠵᠢᠬᠦ ᠳᠤᠷᠠᠲᠠᠢ ᠭᠡᠵᠦ ᠬᠡᠯᠡᠵᠦ ᠥᠭᠴᠡᠢ᠃ᠰᠠᠨᠰᠠᠷ ᠢᠶᠠᠷ ᠪᠠᠭᠤᠬᠤ ᠡᠭᠦᠷᠭᠡ ᠭᠦᠢᠴᠡᠳᠬᠡᠬᠦ ᠪᠣᠯᠭᠠᠨ᠂ ᠭᠠᠵᠠᠷ ᠣᠷᠣᠨ ᠳᠤ ᠪᠠᠭᠤᠬᠤ ᠮᠠᠯᠴᠢᠳ ᠴᠥᠮ ᠨᠤᠲᠤᠭ ᠪᠡᠯᠴᠢᠭᠡᠷ ᠢᠶᠠᠨ ᠲᠦᠷ ᠴᠠᠭ ᠰᠢᠯᠵᠢᠭᠦᠯᠦᠨ ᠥᠭᠴᠦ᠂ ᠮᠠᠯ ᠢᠶᠠᠨ ᠬᠠᠰᠢᠶᠠᠯᠠᠨ ᠲᠡᠵᠢᠭᠡᠵᠦ ᠂ ᠡᠷᠢᠵᠦ ᠬᠤᠷᠢᠶᠠᠬᠤ ᠡᠭᠦᠷᠭᠡ ᠭᠦᠢᠴᠡᠳᠬᠡᠬᠦ ᠳᠤ ᠢᠳᠡᠪᠬᠢᠲᠡᠢ ᠬᠠᠮᠵᠢᠯᠴᠠᠳᠠᠭ᠃ᠪᠡᠯᠴᠢᠭᠡᠷ ᠲᠠᠲᠠᠪᠤᠷᠢᠯᠠᠬᠤ ᠡᠷᠦᠬᠡ ᠶᠢ ᠰᠤᠮᠤ ᠶᠢᠨ ᠬᠢ ᠲᠠᠢ ᠬᠡᠯᠡᠯᠴᠡᠵᠦ ᠪᠠᠶᠢᠭᠠᠳ ᠮᠠᠯᠴᠢᠳ ᠲᠤ ᠵᠣᠬᠢᠰᠲᠠᠢ ᠨᠥᠬᠦᠪᠥᠷᠢ ᠦᠭᠭᠦᠭᠰᠡᠨ ᠪᠠᠶᠢᠨ᠎ᠠ ᠃ ᠵᠢᠦ ᠴᠢᠸᠧᠠᠨ ᠳᠠᠭᠠᠭᠤᠯᠢ ᠣᠳᠣᠨ ᠤ ᠬᠠᠷᠪᠤᠯᠲᠠ ᠶᠢᠨ ᠲᠥᠪ ᠤᠨ ᠰᠠᠨᠰᠠᠷ ᠲᠠᠬᠢ ᠠᠪᠤᠷᠠᠯᠲᠠ ᠶᠢᠨ ᠠᠩᠭᠢ ᠮᠠᠯᠴᠢᠳ ᠲᠤ ᠲᠠᠯᠠᠷᠬᠠᠯ ᠢᠶᠠᠨ ᠳᠡᠪᠰᠢᠭᠦᠯᠵᠦ ᠮᠠᠯᠴᠢᠳ ᠲᠤ ᠲᠣᠬᠤᠨᠢᠭᠤᠯᠬᠤ ᠪᠣᠳᠠᠰ ᠬᠦᠷᠭᠡᠨ᠂ ᠲᠡᠳᠡᠨ ᠤ ᠰᠠᠨᠰᠠᠷ  ᠲᠠᠬᠢ ᠠᠪᠤᠷᠠᠨ ᠲᠤᠰᠠᠯᠠᠬᠤ ᠠᠵᠢᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠵᠡᠢ᠃       ᠴᠠᠩ ᠧ ᠵᠢᠷᠭᠤᠳᠤᠭᠠᠷ ᠨᠣᠮᠧᠷ ᠲᠤ ᠪᠤᠴᠠᠵᠤ ᠢᠷᠡᠭᠰᠡᠨ ᠤ ᠲᠡᠷᠡ ᠡᠳᠦᠷ᠂ ᠡᠯ᠎ᠡ ᠭᠠᠴᠠᠭᠠᠨ ᠤ ᠬᠤᠶᠠᠷ ᠵᠥᠪᠯᠡᠯ ᠪᠣᠯᠤᠨ ᠳᠠᠭᠠᠭᠠᠴᠢᠯᠠᠨ ᠬᠢᠬᠦ ᠠᠩᠭᠢ ᠶᠢᠨ ᠺᠠᠳ᠋ᠷ ᠵᠥᠪᠬᠡᠨ 6 ᠴᠠᠭ ᠭᠠᠷᠤᠢ ᠶᠢᠨ ᠴᠠᠭ ᠢ ᠠᠰᠢᠭᠯᠠᠵᠤ᠂ ᠵᠢᠱᠢᠭᠰᠡᠨ ᠭᠤᠣᠯ ᠣᠷᠣᠨ ᠪᠣᠯᠬᠤ ᠠᠮᠦ᠋ᠰᠤ᠂ ᠬᠠᠰᠢᠶᠠᠲᠤ᠂ ᠤᠯᠠᠭᠠᠨ ᠰᠢᠷᠡᠭᠡ᠂ ᠳ᠋ᠢᠩ ᠵᠢᠢ ᠳᠥᠷᠪᠡᠨ ᠭᠠᠴᠠᠭᠠᠨ ᠤ 174 ᠡᠷᠦᠬᠡ᠂ 355 ᠮᠠᠯᠴᠢᠨ ᠢ ᠲᠦᠷ ᠴᠠᠭ ᠨᠤᠲᠤᠭ ᠪᠡᠯᠴᠢᠭᠡᠷ‌‍ᠡᠴᠡ ᠪᠠᠨ ᠰᠢᠯᠵᠢᠭᠦᠯᠦᠨ ᠭᠠᠷᠭᠠᠵᠤ᠂ ᠲᠥᠪᠯᠡᠷᠡᠭᠦᠯᠦᠨ ᠲᠥᠪᠬᠢᠨᠡᠭᠦᠯᠦᠨ᠂ ᠰᠤᠮᠤ᠂ ᠭᠠᠴᠠᠭᠠᠨ ᠤ ᠬᠤᠶᠠᠷ ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ ᠨᠢᠭᠡ ᠪᠦᠯᠦᠭ ᠰᠤᠮᠤ ᠪᠠᠶᠢᠭ᠎ᠠ ᠭᠠᠵᠠᠷ ᠤᠨ ᠮᠠᠯᠴᠢᠳ ᠲᠤ ᠴᠢᠨ᠋ᠸᠧ ᠵᠢᠷᠭᠤᠳᠤᠭᠠᠷ ᠨᠣᠮᠧᠷ ᠲᠤ ᠪᠠᠭᠤᠵᠤ ᠦᠭᠭᠦᠭᠰᠡᠨ ᠠᠬᠤᠢ ᠲᠠᠯᠠᠪᠠᠢ ᠶᠢᠨ ᠰᠢᠭᠤᠳ ᠨᠡᠪᠲᠡᠷᠡᠭᠦᠯᠭᠡ ᠶᠢ ᠰᠣᠨᠢᠷᠬᠠᠭᠤᠯᠵᠤ᠂ ᠮᠠᠨ ᠤ ᠤᠯᠤᠰ ᠤᠨ ᠰᠠᠨᠰᠠᠷ ᠤᠨ ᠦᠢᠯᠡᠰ ᠤᠨ ᠭᠡᠷᠡᠯ ᠰᠠᠴᠤᠷᠠᠩᠭᠤᠢ ᠠᠮᠵᠢᠯᠲᠠ ᠶᠢ ᠬᠠᠮᠲᠤᠪᠠᠷ ᠭᠡᠷᠡᠴᠢᠯᠡᠪᠡ᠃ᠮᠠᠯᠴᠢᠳ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠢ ᠰᠠᠬᠢᠨ ᠬᠠᠮᠠᠭᠠᠯᠠᠵᠤ ᠪᠣᠢ᠃       ᠨᠣᠮᠣᠭᠠᠨ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠴᠡᠩᠭᠡᠯᠲᠦ ᠬᠡᠯᠡᠭᠰᠡᠨ ᠨᠢ᠂ ᠪᠢᠳᠡ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ᠂ ᠪᠦᠬᠦ ᠬᠦᠴᠦ ᠪᠠᠷ ᠢᠶᠠᠨ ᠴᠢᠷᠮᠠᠶᠢᠵᠤ ᠪᠠᠶᠢᠭᠠᠳ ᠡᠯ᠎ᠡ ᠲᠥᠷᠥᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠠᠮᠵᠢᠯᠴᠠᠭᠤᠯᠤᠨ ᠬᠢᠵᠦ᠂ ᠴᠠᠩ ᠧᠨ ᠵᠢᠷᠭᠤᠳᠤᠭᠠᠷ ᠨᠣᠮᠧᠷᠲᠦ ᠶᠢ ᠠᠮᠤᠷ ᠲᠦᠪᠰᠢᠨ ᠭᠡᠷ ᠲᠡᠭᠡᠨ ᠬᠠᠷᠢᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ᠂ ᠡᠭᠦᠷᠭᠡ ᠲᠡᠭᠦᠰ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ᠃       ᠳᠥᠷᠪᠡᠳ ᠬᠤᠰᠢᠭᠤᠨ ᠤ ᠡᠯ᠎ᠡ ᠲᠠᠯ᠎ᠠ ᠶᠢᠨ ᠬᠢᠨ ᠤ ᠬᠦᠴᠦᠨ ᠴᠢᠳᠠᠯ ᠨᠢᠭᠡᠳᠦᠨ ᠬᠦᠴᠦ ᠪᠠᠨ ᠬᠠᠮᠲᠤᠳᠬᠠᠵᠤ ᠬᠠᠷᠠᠮ ᠦᠭᠡᠢ ᠵᠣᠷᠢᠭᠤᠯᠤᠭᠰᠠᠨ᠋‌‍ᠠ᠋ᠴᠠ ᠰᠠᠶ᠋ᠢ ᠴᠠᠩ ᠧ ᠵᠢᠷᠭᠤᠳᠤᠭᠠᠷ ᠨᠣᠮᠧᠷᠲᠦ ᠠᠮᠵᠢᠯᠲᠠ ᠲᠠᠢ ᠪᠠᠷ ᠪᠠᠭᠤᠯᠲᠠ ᠬᠢᠬᠦ ᠳᠤ ᠠᠰᠢᠭᠲᠠᠢ ᠨᠥᠬᠦᠴᠡᠯ ᠢ ᠡᠭᠦᠳᠦᠨ ᠥᠭᠴᠦ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠳᠤ ᠴᠢᠬᠤᠯᠠ ᠬᠦᠴᠦᠨ ᠨᠡᠮᠡᠷᠢᠯᠡᠵᠡᠢ᠃ ᠲᠡᠳᠡᠨᠡᠷ ᠤᠨ ᠴᠢᠷᠮᠠᠶᠢᠯᠭ᠎ᠠ ᠪᠠ ᠵᠢᠳᠬᠦᠯ ᠴᠢᠷᠮᠠᠶᠢᠯᠭ᠎ᠠ ᠨᠢ ᠣᠷᠣᠨ ᠨᠤᠲᠤᠭ ᠤᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠤ ᠣᠪᠣᠷ ᠢ ᠬᠠᠷᠠᠭᠤᠯᠵᠤ ᠪᠠᠶᠢᠬᠤ ᠪᠠᠷ ᠪᠠᠷᠠᠬᠤ ᠥᠬᠡᠢ ᠲᠤᠬᠠᠢ ᠶᠢᠨ ᠭᠠᠵᠠᠷ ᠤᠨ ᠮᠠᠯᠴᠢᠨ ᠲᠦᠮᠡᠨ ᠤ ᠤᠯᠤᠰ ᠤᠨ ᠰᠠᠨᠰᠠᠷ ᠤᠨ ᠦᠢᠯᠡᠰ ᠢ ᠶᠡᠬᠡᠪᠡᠷ ᠳᠡᠮᠵᠢᠵᠦ ᠪᠠᠶᠢᠬᠤ ᠶᠢ ᠴᠦ ᠬᠠᠷᠠᠭᠤᠯᠤᠭᠰᠠᠨ ᠪᠠᠶᠢᠨ᠎ᠠ᠃       ᠴᠠᠩ ᠧ ᠵᠢᠷᠭᠤᠳᠤᠭᠠᠷ ᠡᠭᠦᠷᠭᠡ ᠶᠢᠨ ᠠᠮᠵᠢᠯᠲᠠ ᠶᠢ ᠳᠠᠭᠠᠯᠳᠤᠨ᠂ ᠳᠥᠷᠪᠡᠳ ᠬᠤᠰᠢᠭᠤᠨ ᠤ ᠨᠣᠮᠣᠭᠠᠨ ᠰᠤᠮᠤ ᠶᠢᠨ ᠨᠤᠲᠤᠭ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠭᠡᠷᠡᠯ ᠰᠠᠴᠤᠷᠠᠩᠭᠤᠢ ᠴᠠᠭ ᠮᠥᠴᠡ ᠶᠢ ᠳᠠᠬᠢᠨᠲᠠ ᠭᠡᠷᠡᠴᠢᠯᠡᠪᠡ᠃ ᠢᠷᠡᠭᠡᠳᠦᠢ ᠶᠢᠨ ᠰᠠᠨᠰᠠᠷ ᠤᠨ ᠠᠶᠠᠯᠠᠯ ᠤᠨ ᠠᠶᠠᠨ ᠳᠤ ᠴᠢᠬᠤᠯᠠ ᠦᠢᠯᠡᠳᠦᠯ ᠦᠵᠡᠭᠦᠯᠵᠦ ᠮᠠᠨ ᠤ ᠤᠯᠤᠰ ᠤᠨ ᠰᠠᠨᠰᠠᠷ ᠤᠨ ᠦᠢᠯᠡᠰ ᠲᠤ ᠬᠦᠴᠦᠨ ᠨᠡᠮᠡᠷᠢᠯᠡᠵᠦ᠂ ᠲᠠᠩᠰᠤᠭ ᠢᠷᠡᠭᠡᠳᠦᠢ ᠶᠢ ᠴᠣᠭᠴᠠᠯᠠᠨ᠂ ᠰᠠᠨᠰᠠᠷ ᠤᠨ ᠬᠦᠴᠦᠷᠬᠡᠭ ᠤᠯᠤᠰ ᠢ ᠪᠠᠶᠢᠭᠤᠯᠬᠤ ᠳᠤ ᠵᠢᠳᠬᠦᠯ ᠦᠵᠡᠭᠦᠯᠬᠦ ᠶᠢ ᠢᠲᠡᠭᠡᠵᠦ ᠪᠠᠶᠢᠨ᠎ᠠ ᠭᠡᠵᠡᠢ᠃ ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2