ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠵᠢᠢ ᠱᠧᠩ ᠲᠠᠢ ᠪᠠᠯᠭᠠᠰᠤ ᠶᠢᠨ ᠨᠠᠮ ᠤᠨ ᠬᠤᠷᠢᠶ᠎ᠠ ᠶᠢᠨ ᠪᠠᠶᠢᠳᠠᠯ ᠢ ᠴᠠᠭᠳᠠᠨ ᠪᠠᠶᠢᠴᠠᠭᠠᠭᠰᠠᠨ ᠬᠠᠷᠢᠭᠤ ᠳᠤᠰᠬᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/26
      ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠵᠢᠢ ᠱᠧᠩ ᠲᠠᠢ ᠪᠠᠯᠭᠠᠰᠤ ᠶᠢᠨ ᠨᠠᠮ ᠤᠨ ᠬᠤᠷᠢᠶ᠎ᠠ ᠶᠢᠨ ᠪᠠᠶᠢᠳᠠᠯ ᠢ ᠴᠠᠭᠳᠠᠨ ᠪᠠᠶᠢᠴᠠᠭᠠᠭᠰᠠᠨ ᠬᠠᠷᠢᠭᠤ ᠳᠤᠰᠬᠠᠯᠲᠠ ᠶᠢᠨ ᠬᠤᠷᠠᠯ ᠬᠤᠷᠠᠯᠳᠤᠪᠠ           7 ᠰᠠᠷ᠎ᠠ ᠶᠢᠨ 24 ᠤ ᠡᠳᠦᠷ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠶᠢ ᠱᠧᠩ ᠲᠠᠢ ᠪᠠᠯᠭᠠᠰᠤ ᠶᠢᠨ ᠨᠠᠮ ᠤᠨ ᠬᠤᠷᠢᠶᠠᠨ ᠤ ᠪᠠᠶᠢᠳᠠᠯ ᠢ ᠲᠣᠭᠤᠷᠢᠨ ᠪᠠᠶᠢᠴᠠᠭᠠᠭᠰᠠᠨ ᠬᠠᠷᠢᠭᠤ ᠳᠤᠰᠬᠠᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠹᠠᠨ ᠶᠠᠨ ᠪᠢᠨ ᠬᠤᠷᠠᠯ ᠳᠤ ᠣᠷᠣᠯᠴᠠᠪᠠ᠃
7.26+1.jpeg
      ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠤᠰ ᠤᠳᠠᠭᠠᠨ ᠤ ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠵᠤ᠂ ᠲᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠬᠤᠰᠢᠭᠤ ᠨᠠᠮ ᠤᠨ ᠬᠤᠷᠢᠶᠠᠨ ᠤ ᠱᠦᠵᠢ ᠸᠧᠢ ᠳ᠋ᠠᠢ ᠴᠢᠩ ᠨᠥᠬᠦᠷ ᠤᠨ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃
7.26+2.jpeg
      ᠹᠠᠨ ᠶᠠᠨ ᠪᠢᠨ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠵᠢᠢ ᠱᠧᠩ ᠲᠠᠢ ᠪᠠᠯᠭᠠᠰᠤᠨ ᠤ ᠨᠠᠮ ᠤᠨ ᠬᠤᠷᠢᠶ᠎ᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠲᠠᠨᠢᠯᠲᠠ ᠪᠠᠨ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠵᠣᠷᠢᠭ ᠢᠶᠠᠨ ᠪᠠᠲᠤᠳᠬᠠᠵᠤ᠂ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠬᠦ ᠬᠡᠷᠡᠭᠲᠡᠢ᠃ ᠵᠢᠢ ᠱᠧᠩ ᠲᠠᠢ ᠪᠠᠯᠭᠠᠰᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠳᠠᠷᠤᠯᠲᠠ ᠶᠢ ᠠᠵᠢᠯ ᠤᠨ ᠪᠠᠶᠢᠷᠢ ᠳᠤ ᠳᠠᠮᠵᠢᠭᠤᠯᠤᠨ᠂ ᠡᠭᠦᠷᠭᠡ ᠶᠢ ᠪᠣᠳᠠᠲᠠᠢ ᠭᠠᠵᠠᠷ ᠲᠤ ᠨᠢ ᠨᠠᠶᠢᠳᠠᠪᠤᠷᠢᠵᠢᠭᠤᠯᠬᠤ ᠬᠡᠷᠡᠭᠲᠡᠢ᠃ ᠦᠷ᠎ᠡ ᠪᠦᠲᠦᠭᠡᠯ ᠤᠨ ᠬᠡᠷᠡᠭᠯᠡᠯᠲᠡ ᠶᠢ ᠳᠣᠪᠤᠶᠢᠯᠭᠠᠨ᠂ ᠠᠯᠤᠰ ᠬᠡᠳᠦ ᠶᠢ ᠪᠣᠳᠣᠯᠬᠢᠯᠠᠵᠤ᠂ ᠬᠡᠪ ᠤᠨ ᠨᠥᠯᠥᠭᠡᠯᠡᠯ ᠢ ᠪᠣᠢ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠨ᠂ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠨ ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃       ᠪᠠᠯᠭᠠᠰᠤᠨ ᠤ ᠨᠠᠮ ᠤᠨ ᠬᠤᠷᠢᠶᠠᠨ ᠤ ᠱᠦᠵᠢ ᠢᠯᠡᠷᠬᠡᠶᠢᠯᠡᠬᠦ ᠳᠡᠭᠡᠨ᠂ ᠪᠦᠬᠦ ᠺᠠᠳ᠋ᠷᠴᠤᠳ ᠦᠵᠡᠯ ᠰᠠᠨᠠᠭ᠎ᠠ  ᠪᠠᠨ ᠨᠢᠭᠡᠳᠬᠡᠵᠦ᠂ ᠪᠦᠬᠦ ᠪᠠᠯᠭᠠᠰᠤᠨ ᠳᠠᠬᠢ ᠲᠣᠭᠲᠠᠭᠤᠨ ᠬᠥᠭᠵᠢᠯᠲᠡ ᠶᠢᠨ ᠪᠦᠬᠦ ᠲᠠᠯ᠎ᠠ ᠳᠤ ᠰᠠᠭᠤᠷᠢᠯᠠᠨ᠂ ᠲᠤᠰ ᠤᠳᠠᠭᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠨ ᠴᠢᠬᠤᠯᠠ ᠦᠢᠯᠡᠳᠦᠯ ᠪᠣᠯᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠬᠤᠷᠴᠠ ᠰᠡᠷᠭᠡᠭ ᠴᠢᠨᠠᠷ ᠢ ᠦᠨᠡᠨᠬᠦ ᠴᠢᠩᠭᠠᠳᠬᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠶᠢ ᠨᠢᠭᠡ ᠤᠳᠠᠭᠠᠨ ᠤ ᠥᠪᠡᠷ ᠢ ᠪᠠᠨ ᠵᠠᠯᠠᠷᠠᠭᠤᠯᠵᠤ᠂ ᠥᠪᠡᠷ ᠢ ᠪᠠᠨ ᠲᠡᠭᠦᠯᠳᠡᠷᠵᠢᠭᠦᠯᠬᠦ ᠲᠣᠬᠢᠶᠠᠯ ᠪᠣᠯᠭᠠᠨ᠎ᠠ ᠭᠡᠵᠡᠢ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠶᠠᠪᠤᠳᠠᠯ ᠨᠢ ᠨᠠᠶᠢᠳᠠᠪᠤᠷᠢᠵᠢᠭᠤᠯᠤᠭᠳᠠᠵᠤ᠂ ᠶᠠᠪᠤᠳᠠᠯ ᠪᠣᠯᠭᠠᠨ ᠬᠠᠷᠢᠭᠤ ᠴᠤᠤᠷᠢᠶ᠎ᠠ ᠲᠠᠢ ᠪᠠᠶᠢᠬᠤ ᠶᠢ ᠦᠨᠡᠨᠬᠦ ᠪᠠᠲᠤᠯᠠᠵᠤ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠪᠠ ᠴᠡᠭᠴᠡᠯᠡᠨ ᠰᠠᠶᠢᠵᠢᠷᠠᠭᠤᠯᠬᠤ ᠰᠠᠨᠠᠯ ᠢ ᠲᠡᠷᠡ ᠬᠡᠪ ᠢᠶᠠᠷ  ᠨᠢ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠭᠰᠠᠨ ᠠᠵᠢᠯ ᠤᠨ ᠦᠷ᠎ᠡ ᠪᠦᠲᠦᠭᠡᠯ ᠢ ᠦᠨᠡᠨᠬᠦ ᠵᠢᠪᠽᠦ᠋ᠨ ᠲᠠᠢ ᠪᠠᠯᠭᠠᠰᠤᠨ ᠤ ᠡᠯ᠎ᠡ ᠵᠦᠢᠯ ᠤᠨ ᠠᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠡᠭᠡᠷ᠎ᠡ ᠬᠡᠷᠡᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠠ ᠠᠷᠠᠳ ᠣᠯᠠᠨ ᠤ ᠬᠢᠨᠠᠯᠲᠠ ᠲᠠᠯᠪᠢᠯᠲᠠ ᠶᠢ ᠬᠦᠯᠢᠶᠡᠨ᠎ᠡ᠃       ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ᠵᠢᠭᠠᠰᠤ ᠲᠠᠢ ᠪᠠᠯᠭᠠᠰᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠪᠠᠯᠭᠠᠰᠤᠨ ᠤ ᠺᠠᠳ᠋ᠷ᠂ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃ ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2