ᠮᠠᠨ ᠤ ᠬᠤᠰᠢᠭᠤ ᠣᠨᠴᠠᠯᠢᠭᠲᠤ ᠢᠳᠡᠭᠡᠨ ᠤ ᠵᠦᠢᠯᠡᠰ ᠢ ᠰᠢᠯᠭᠠᠷᠠᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/7/26
      ᠮᠠᠨ ᠤ ᠬᠤᠰᠢᠭᠤ ᠣᠨᠴᠠᠯᠢᠭᠲᠤ ᠢᠳᠡᠭᠡᠨ ᠤ ᠵᠦᠢᠯᠡᠰ ᠢ ᠰᠢᠯᠭᠠᠷᠠᠭᠤᠯᠬᠤ ᠬᠤᠷᠠᠯ ᠬᠢᠭᠰᠡᠨ               ᠤᠶᠢᠷ᠎ᠠ ᠶᠢᠨ ᠡᠳᠦᠷ᠂ ᠬᠤᠰᠢᠭᠤᠨ ᠤ ᠵᠢᠶᠠ ᠱᠢ ᠶᠤᠸᠠᠨ ᠪᠠᠭᠤᠳᠠᠯ ᠳᠤ ᠣᠨᠴᠠᠯᠢᠭᠲᠤ ᠠᠮᠲᠠᠲᠤ ᠢᠳᠡᠭᠡᠨ ᠤ ᠵᠦᠢᠯᠡᠰ ᠢ ᠰᠢᠯᠭᠠᠷᠠᠭᠤᠯᠬᠤ ᠬᠤᠷᠠᠯ ᠬᠢᠵᠦ᠂ ᠳᠥᠷᠪᠡᠳ ᠬᠤᠰᠢᠭᠤᠨ ᠤ ᠡᠯᠪᠡᠭ ᠪᠠᠶᠠᠯᠢᠭ ᠣᠯᠠᠨ ᠶᠠᠩᠵᠤ ᠶᠢᠨ ᠣᠨᠴᠠᠯᠢᠭᠲᠤ ᠠᠮᠲᠠᠲᠤ ᠢᠳᠡᠭᠡᠨ ᠢ ᠳᠡᠯᠭᠡᠨ ᠦᠵᠡᠭᠦᠯᠵᠦ᠂ ᠲᠤᠬᠠᠢ ᠶᠢᠨ ᠭᠠᠵᠠᠷ ᠤᠨ ᠠᠮᠲᠠᠲᠤ ᠢᠳᠡᠭᠡᠨ ᠤ ᠠᠵᠤ ᠦᠢᠯᠡᠰ ᠤᠨ ᠬᠥᠭᠵᠢᠯᠲᠡ ᠪᠣᠯᠤᠨ ᠰᠣᠯᠢᠯᠴᠠᠭ᠎ᠠ ᠶᠢ ᠲᠦᠯᠬᠢᠨ ᠠᠬᠢᠭᠤᠯᠤᠭᠰᠠᠨ ᠪᠠᠶᠢᠨ᠎ᠠ᠃       ᠲᠤᠰ ᠤᠳᠠᠭᠠᠨ ᠤ ᠣᠨᠴᠠᠯᠢᠭᠲᠤ ᠢᠳᠡᠭᠡᠨ ᠤ ᠰᠢᠯᠭᠠᠷᠠᠭᠤᠯᠤᠯᠲᠠ ᠶᠢ ᠠᠮᠵᠢᠯᠲᠠ ᠲᠠᠢ ᠡᠷᠬᠢᠯᠡᠭᠰᠡᠨ ᠨᠢ᠂ ᠮᠠᠨ ᠤ ᠬᠤᠰᠢᠭᠤᠨ ᠤ ᠢᠳᠡᠭᠡᠨ ᠤᠮᠳᠠᠭᠠᠨ ᠤ ᠠᠵᠢᠯ ᠡᠷᠬᠢᠯᠡᠭᠰᠡᠳ ᠲᠤ ᠨᠢᠭᠡᠨ ᠤᠳᠠᠭᠠᠨ ᠤ ᠰᠣᠯᠢᠯᠴᠠᠭ᠎ᠠ ᠰᠤᠷᠤᠯᠴᠠᠯᠭ᠎ᠠ᠂ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠳᠥᠷᠪᠡᠳ ᠬᠤᠰᠢᠭᠤᠨ ᠤ ᠣᠨᠴᠠᠯᠢᠭᠲᠤ ᠢᠳᠡᠭᠡᠨ ᠤ ᠲᠥᠷᠥᠯ ᠲᠡᠮᠳᠡᠭ ᠢ ᠤᠯᠠᠮ ᠴᠢᠨᠠᠭᠰᠢᠳᠠ ᠬᠦᠭᠵᠢᠭᠦᠯᠵᠦ᠂ ᠳᠥᠷᠪᠡᠳ ᠬᠤᠰᠢᠭᠤᠨ ᠤ ᠠᠵᠤ ᠠᠬᠤᠢ ᠶᠢᠨ ᠬᠥᠭᠵᠢᠯᠲᠡ ᠪᠠ ᠰᠣᠶᠣᠯ ᠤᠨ ᠤᠯᠠᠮᠵᠢᠯᠠᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄ ᠴᠧᠨ ᠯᠢᠨ  ᠳ᠋ᠦᠩ ᠵᠢᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2