ᠳᠥᠷᠪᠡᠳ ᠬᠤᠰᠢᠭᠤᠨ ᠤ ᠲᠠᠪᠤᠨ ᠴᠤᠯᠤ ᠶᠢᠨ ᠱᠦᠯᠦ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ  ᠶᠠᠪᠤᠭᠳᠠᠭᠰᠠᠨ
ᠨᠡᠶᠢᠲᠡᠯᠡᠭᠰᠡᠨ ᠴᠠᠭ᠄
2024/7/26
      ᠳᠥᠷᠪᠡᠳ ᠬᠤᠰᠢᠭᠤᠨ ᠤ ᠲᠠᠪᠤᠨ ᠴᠤᠯᠤ ᠶᠢᠨ ᠱᠦᠯᠦ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ  ᠶᠠᠪᠤᠭᠳᠠᠭᠰᠠᠨ              ᠤᠶᠢᠷ᠎ᠠ ᠶᠢᠨ ᠡᠳᠦᠷ᠂ ᠳᠥᠷᠪᠡᠳ ᠬᠤᠰᠢᠭᠤᠨ ᠤ ᠲᠠᠪᠤᠨ ᠴᠤᠯᠤ ᠶᠢᠨ ᠱᠦᠯᠦ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ  ᠶᠠᠪᠤᠭᠳᠠᠭᠰᠠᠨ ᠪᠠᠶᠢᠨ᠎ᠠ᠃       ᠣᠶᠢᠯᠠᠭᠠᠭᠰᠠᠨ ᠢᠶᠠᠷ᠂ 2024 ᠳᠤᠮᠳᠠᠳᠤ ᠤᠯᠤᠰ · ᠳᠥᠷᠪᠡᠳ ᠬᠤᠰᠢᠭᠤᠨ ᠤ ᠲᠠᠪᠤᠨ ᠴᠤᠯᠤ ᠶᠢᠨ ᠱᠦᠯᠦ ᠶᠢᠨ ᠶᠡᠭᠡ ᠬᠤᠷᠠᠯ 7 ᠰᠠᠷ᠎ᠠ ᠶᠢᠨ 29 ᠤ ᠦᠳᠡ ᠶᠢᠨ ᠡᠮᠦᠨᠡᠬᠢ 10 ᠴᠠᠭ ᠲᠤ ᠂  ᠳᠥᠷᠪᠡᠳ ᠬᠤᠰᠢᠭᠤᠨ ᠤ ᠭᠡᠭᠡᠨᠲᠠᠯ᠎ᠠ ᠶᠢᠨ ᠲᠠᠯ᠎ᠠ ᠨᠤᠲᠤᠭ ᠤᠨ ᠵᠤᠭᠠᠴᠠᠯ ᠤᠨ ᠦᠵᠡᠮᠵᠢ ᠶᠢᠨ ᠣᠷᠣᠨ ᠳᠤ  ᠡᠬᠢᠯᠡᠨ᠂ 5 ᠡᠳᠦᠷ ᠦᠷᠭᠦᠯᠵᠢᠯᠡᠨ᠎ᠡ᠃ ᠲᠠᠪᠤᠨ ᠴᠤᠯᠤ ᠶᠢᠨ ᠱᠦᠯᠦ ᠶᠢᠨ ᠶᠡᠭᠡ ᠬᠤᠷᠠᠯ ᠤᠨ ᠡᠨᠡᠬᠦ ᠲᠠᠪᠴᠠᠩ ᠢᠶᠠᠷ ᠳᠠᠮᠵᠢᠨ᠂ ᠥᠪᠥᠷ ᠮᠣᠩᠭᠤᠯ ᠤᠨ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠠ ᠥᠪᠡᠷᠮᠢᠴᠡ ᠣᠨᠴᠠᠯᠢᠭᠲᠤ ᠤᠮᠠᠷᠠᠲᠤ ᠬᠢᠯᠢ ᠶᠢᠨ ᠰᠣᠶᠣᠯ ᠢ ᠳᠡᠯᠭᠡᠨ ᠦᠵᠡᠭᠦᠯᠵᠦ᠂ ᠶᠡᠭᠡ ᠬᠤᠷᠠᠯ ᠨᠢ ᠪᠠᠰᠠ ᠢᠳᠡᠭᠡᠨ ᠤ ᠰᠢᠷᠢᠰ ᠦᠵᠡᠭᠦᠯᠦᠯᠭᠡ ᠡᠷᠬᠢᠯᠡᠵᠦ᠂ ᠠᠩᠬ᠎ᠠ ᠤᠳᠠᠭ᠎ᠠ ᠬᠤᠨᠢᠨ ᠤ ᠠᠵᠤ ᠦᠢᠯᠡᠰ ᠤᠨ ᠬᠡᠯᠬᠢᠶᠡᠵᠢᠯ ᠤᠨ ᠠᠮᠲᠠᠲᠤ ᠢᠳᠡᠭᠡᠨ ᠢ ᠳᠡᠯᠭᠡᠨ ᠦᠵᠡᠭᠦᠯᠵᠦ᠂ ᠭᠤᠴᠤ ᠰᠠᠶᠢᠬᠠᠨ ᠭᠡᠷᠡᠯ ᠵᠢᠷᠤᠭ ᠤᠨ ᠪᠦᠲᠦᠭᠡᠯ ᠢᠶᠠᠷ ᠳᠠᠮᠵᠢᠨ᠂ ᠵᠤᠭᠠᠴᠠᠬᠴᠢᠳ ᠲᠤ  ᠲᠦᠷᠪᠡᠳ ᠨᠤᠲᠤᠭ ᠤᠨ ᠠᠮᠲᠠᠲᠤ ᠢᠳᠡᠭᠡᠨ ᠢ ᠮᠡᠳᠡᠷᠡᠭᠦᠯᠬᠦ ᠪᠤᠯᠤᠨ᠎ᠠ᠃       ᠲᠤᠰ ᠬᠤᠷᠠᠯ ᠨᠢ ᠣᠯᠠᠨ ᠲᠥᠷᠥᠯ ᠤᠨ ᠳᠡᠯᠡᠬᠡᠢ ᠶᠢᠨ ᠬᠠᠮᠤᠭ ᠰᠢᠨ᠎ᠡ ᠲᠡᠮᠳᠡᠭᠯᠡᠯ ᠢ ᠡᠭᠦᠳᠴᠦ᠂ ᠳᠥᠷᠪᠡᠳ ᠬᠤᠰᠢᠭᠤ ᠶᠢ ᠤᠯᠤᠰ ᠤᠨ ᠳᠡᠰ ᠤᠨ ᠤᠷᠤᠨ ᠨᠤᠲᠤᠭ ᠤᠨ ᠲᠡᠮᠳᠡᠭᠲᠦ ᠠᠮᠲᠠᠲᠤ ᠢᠳᠡᠭᠡᠨ ᠤ ᠬᠤᠲᠠ ᠪᠤᠯᠭᠠᠬᠤ ᠪᠠᠷ ᠭᠤᠶᠤᠴᠢᠯᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠤᠷᠤᠨ ᠨᠤᠲᠤᠭ ᠤᠨ ᠲᠡᠮᠳᠡᠭᠲᠦ ᠠᠮᠲᠠᠲᠤ ᠢᠳᠡᠭᠡᠨ ᠤ ᠠᠵᠤ ᠠᠬᠤᠶᠢᠯᠠᠯ᠂ ᠢᠳᠡᠭᠡᠨ ᠤ᠂ ᠨᠣᠭᠤᠭ᠎ᠠ ᠴᠠᠭᠠᠨ ᠤ ᠳᠡᠮᠳᠡᠭᠳᠦ ᠪᠠᠷ ᠮᠡᠳᠡᠭᠦᠯᠬᠦ ᠪᠣᠯᠤᠨ᠎ᠠ᠃ ᠡᠨᠡ ᠬᠤᠭᠤᠴᠠᠭᠠᠨ ᠳᠤ ᠪᠠᠰᠠ ᠣᠯᠠᠨ ᠲᠥᠷᠥᠯ ᠤᠨ ᠤᠷᠤᠯᠳᠤᠭᠠᠨ ᠵᠣᠬᠢᠶᠠᠨ ᠪᠠᠶᠢᠭᠤᠯᠵᠤ᠂ ᠲᠣᠭᠤᠭᠠᠴᠢ ᠶᠢᠨ ᠤᠷ᠎ᠠ ᠮᠡᠷᠭᠡᠵᠢᠯ ᠰᠢᠯᠭᠠᠷᠠᠭᠤᠯᠬᠤ᠂ ᠡᠷᠳᠡᠮ ᠰᠣᠯᠢᠯᠴᠠᠬᠤ ᠰᠤᠷᠤᠯᠴᠠᠬᠤ ᠲᠠᠪᠴᠠᠩ ᠬᠠᠩᠭᠠᠵᠤ᠂ ᠲᠣᠭᠤᠭᠠᠴᠢᠳ ᠢ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠣᠭᠤᠭᠠᠴᠢ ᠶᠢᠨ ᠬᠤᠭᠤᠯᠠ ᠬᠢᠬᠦ ᠰᠢᠨ᠎ᠡ ᠠᠷᠭ᠎ᠠ ᠲᠤᠷᠰᠢᠯᠭ᠎ᠠ ᠶᠢ ᠲᠠᠰᠤᠷᠠᠯᠲᠠ ᠦᠭᠡᠢ ᠰᠢᠯᠭᠠᠵᠤ᠂ ᠳᠥᠷᠪᠡᠳ ᠬᠤᠰᠢᠭᠤᠨ ᠤ  ᠠᠮᠲᠠᠲᠤ ᠢᠳᠡᠭᠡᠨ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠬᠤ ᠪᠠᠷ ᠴᠢᠷᠮᠠᠶᠢᠨ᠎ᠠ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄ ᠯᠢ ᠨᠢᠩ  ᠷᠧᠨ ᠫᠧᠩ    ᠳ᠋ᠦᠩ ᠵᠢᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2