ᠳᠥᠷᠪᠡᠳ ᠬᠤᠰᠢᠭᠤ 2024 ᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠬᠤᠷᠠᠯ ᠵᠢᠴᠢ ᠬᠤᠲᠠ ᠪᠠᠯᠭᠠᠰᠤᠨ ᠤ ᠦᠶᠡᠷ ᠢ ᠰᠡᠷᠭᠡᠶᠢᠯᠡᠬᠦ ᠶᠡᠷᠦᠩᠬᠡᠶᠢᠯᠡᠭᠰᠡᠨ ᠰᠣᠷᠢᠯᠲᠠ ᠬᠢᠭᠰᠡᠨ
ᠨᠡᠶᠢᠲᠡᠯᠡᠭᠰᠡᠨ ᠴᠠᠭ᠄
2024/7/26
      ᠳᠥᠷᠪᠡᠳ ᠬᠤᠰᠢᠭᠤ 2024 ᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠬᠤᠷᠠᠯ ᠵᠢᠴᠢ ᠬᠤᠲᠠ ᠪᠠᠯᠭᠠᠰᠤᠨ ᠤ ᠦᠶᠡᠷ ᠢ ᠰᠡᠷᠭᠡᠶᠢᠯᠡᠬᠦ ᠶᠡᠷᠦᠩᠬᠡᠶᠢᠯᠡᠭᠰᠡᠨ ᠰᠣᠷᠢᠯᠲᠠ ᠬᠢᠭᠰᠡᠨ           7 ᠰᠠᠷ᠎ᠠ ᠶᠢᠨ 3 ᠤ ᠡᠳᠦᠷ᠂ ᠳᠥᠷᠪᠡᠳ ᠬᠤᠰᠢᠭᠤ 2024 ᠣᠨ ᠤ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠠᠵᠢᠯ ᠤᠨ ᠬᠤᠷᠠᠯ ᠵᠢᠴᠢ ᠬᠤᠲᠠ ᠪᠠᠯᠭᠠᠰᠤᠨ ᠤ ᠦᠶᠡᠷ ᠢ ᠰᠡᠷᠭᠡᠶᠢᠯᠡᠬᠦ ᠶᠡᠷᠦᠩᠬᠡᠶᠢᠯᠡᠭᠰᠡᠨ ᠰᠣᠷᠢᠯᠲᠠ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠰᠦᠯᠳᠡ ᠣᠷᠣᠯᠴᠠᠵᠠᠢ᠃
7.3+1.jpg
      ᠲᠤᠰ ᠤᠳᠠᠭᠠᠨ ᠤ ᠦᠶᠡᠷ ᠢ ᠰᠡᠷᠭᠡᠶᠢᠯᠡᠬᠦ ᠶᠡᠷᠦᠩᠬᠡᠶᠢᠯᠡᠭᠰᠡᠨ ᠰᠣᠷᠢᠯᠲᠠ ᠳᠤ᠂ ᠦᠶᠡᠷ ᠤᠰᠤᠲᠤᠯ ᠤᠨ ᠲᠦᠭᠰᠢᠭᠦᠷᠢ ᠣᠯᠠᠨ ᠭᠠᠵᠠᠷ ᠣᠷᠣᠨ ᠲᠣᠭᠲᠠᠭᠠᠵᠤ᠂ ᠰᠢᠷᠦᠭᠦᠨ ᠪᠣᠷᠣᠭᠠᠨ ᠣᠷᠣᠵᠤ ᠪᠠᠶᠢᠭ᠎ᠠ ᠪᠠᠶᠢᠳᠠᠯ ᠢ ᠳᠠᠭᠤᠷᠢᠶᠠᠨ ᠬᠤᠲᠠ ᠪᠠᠯᠭᠠᠰᠤᠨ ᠳᠤ ᠦᠶᠡᠷ ᠤᠰᠤᠲᠤᠯ ᠮᠡᠲᠦ ᠶᠢᠨ ᠲᠦᠭᠰᠢᠭᠦᠷᠢᠲᠦ ᠪᠠᠶᠢᠳᠠᠯ ᠢᠯᠡᠷᠡᠵᠡᠢ᠃ ᠰᠣᠷᠢᠯᠲᠠ ᠳᠤ ᠣᠷᠣᠯᠴᠠᠭᠰᠠᠨ ᠡᠯ᠎ᠡ ᠣᠷᠣᠯᠴᠠᠭᠴᠢ ᠨᠢᠭᠡᠴᠡ ᠨᠦᠭᠦᠳ ᠲᠦᠷᠭᠡᠨ ᠴᠤᠤᠷᠢᠶᠠᠲᠤᠨ ᠳᠠᠭᠠᠵᠤ᠂ ᠨᠢᠭᠲᠡ ᠬᠠᠮᠵᠢᠯᠴᠠᠨ᠂ ᠤᠷᠢᠳᠴᠢᠯᠠᠨ ᠲᠣᠭᠲᠠᠭᠠᠭᠰᠠᠨ ᠲᠥᠰᠦᠯ ᠤᠨ ᠶᠣᠰᠣᠭᠠᠷ ᠠᠶᠤᠯ‌‍ᠠ᠋ᠴᠠ ᠠᠪᠤᠷᠠᠨ ᠲᠤᠰᠠᠯᠠᠬᠤ᠂ ᠬᠥᠮᠦᠰ ᠢ ᠲᠠᠷᠬᠠᠭᠠᠬᠤ ᠵᠡᠷᠭᠡ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠡᠯᠢᠶᠡᠳ ᠴᠢᠩᠭ᠎ᠠ ᠴᠢᠳᠠᠪᠤᠷᠢ ᠪᠣᠯᠤᠨ ᠬᠠᠮᠵᠢᠯᠴᠠᠨ ᠪᠠᠶᠢᠯᠳᠤᠬᠤ ᠬᠢᠷᠢ ᠬᠡᠮᠵᠢᠶ᠎ᠡ ᠪᠠᠨ ᠬᠠᠷᠠᠭᠤᠯᠤᠭᠰᠠᠨ ᠪᠠᠶᠢᠨ᠎ᠠ᠃
7.3+2.jpg
      ᠲᠤᠰ ᠤᠳᠠᠭᠠᠨ ᠤ ᠰᠣᠷᠢᠯᠲᠠ ᠨᠢ ᠮᠠᠨ ᠤ ᠬᠤᠰᠢᠭᠤᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ ᠪᠣᠯᠤᠨ ᠬᠡᠷᠡᠭᠯᠡᠭᠡᠨ ᠤ ᠴᠢᠨᠠᠷ ᠢ ᠰᠢᠯᠭᠠᠨ ᠪᠠᠶᠢᠴᠠᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠦᠶᠡᠷ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠡᠢ᠃ ᠳᠠᠷᠠᠭ᠎ᠠ ᠨᠢ ᠬᠤᠷᠠᠯ ᠬᠤᠷᠠᠯᠳᠤᠭᠤᠯᠵᠤ ᠂ ᠰᠣᠷᠢᠯᠲᠠ ᠶᠢᠨ ᠳᠤᠮᠳᠠ ᠣᠷᠣᠰᠢᠵᠤ ᠪᠠᠶᠢᠭ᠎ᠠ ᠵᠠᠷᠢᠮ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ ᠰᠠᠨᠠᠭᠤᠯᠭ᠎ᠠ ᠳᠤᠷᠠᠳᠪᠠ᠃ ᠬᠤᠷᠠᠯ‌‍ᠠ᠋ᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠡᠨᠡ ᠤᠳᠠᠭᠠᠨ ᠤ ᠰᠣᠷᠢᠯᠲᠠ  ᠪᠠᠷ ᠲᠣᠬᠢᠶᠠᠯ ᠪᠣᠯᠭᠠᠨ᠂ ᠲᠤᠷᠰᠢᠯᠭ᠎ᠠ ᠰᠤᠷᠭᠠᠮᠵᠢ ᠪᠠᠨ ᠤᠯᠠᠮ ᠳ᠋ᠦ᠋ᠩᠨᠡᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠦᠨ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠣᠨ ᠪᠣᠳᠠᠰ ᠤᠨ ᠨᠥᠭᠡᠴᠡ ᠪᠠᠨ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ ᠴᠠᠭ ᠠᠭᠤᠷ ᠤᠨ ᠬᠤᠪᠢᠷᠠᠯᠲᠠ ᠶᠢ ᠨᠢᠭᠲᠡ ᠠᠩᠬᠠᠷᠴᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠡᠷᠲᠡ ᠠᠴᠠ ᠣᠯᠵᠤ ᠮᠡᠳᠡᠬᠦ᠂  ᠡᠷᠲᠡ ᠠᠴᠠ ᠮᠡᠳᠡᠭᠦᠯᠬᠦ᠂  ᠡᠷᠲᠡ ᠠᠴᠠ ᠰᠢᠢᠳᠪᠦᠷᠢᠯᠡᠬᠦ ᠬᠡᠷᠡᠭᠲᠡᠢ ᠃ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠦᠶᠡᠷ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ ᠥᠪᠡᠷ ᠢ ᠪᠠᠨ ᠰᠡᠷᠡᠮᠵᠢᠯᠡᠬᠦ ᠦᠵᠡᠯ ᠤᠬᠠᠮᠰᠠᠷ ᠪᠣᠯᠤᠨ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ᠠᠵᠢᠯ ᠳᠤ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃
7.3+3.jpg
      ᠵᠢᠶᠠ ᠰᠢᠶᠣᠤ ᠫᠢᠩ ᠵᠢᠴᠢ ᠬᠤᠰᠢᠭᠤᠨ ᠤ ᠦᠶᠡᠷ ᠢ ᠰᠡᠷᠭᠡᠶᠢᠯᠡᠵᠦ ᠭᠠᠨ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠡᠯ᠎ᠡ ᠳᠡᠳ᠋ ᠶᠡᠷᠦᠩᠬᠡᠢ ᠵᠢᠯᠣᠭᠤᠳᠤᠭᠴᠢ᠂ ᠪᠦᠷᠢᠯᠳᠦᠬᠦᠨ ᠨᠢᠭᠡᠴᠡ ᠪᠣᠯᠤᠨ ᠡᠯ᠎ᠡ ᠰᠤᠮᠤ ᠰᠢᠶᠠᠩ ᠪᠠᠯᠭᠠᠳ ᠤᠨ ᠬᠠᠷᠢᠭᠤᠴᠠᠯᠭᠠᠲᠠᠨ ᠣᠷᠣᠯᠴᠠᠪᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2