ᠰᠦᠯᠳᠡ ᠠᠩᠭᠢ  ᠳᠠᠭᠠᠭᠤᠯᠤᠨ ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ ᠲᠤ ᠪᠡᠭᠡᠵᠢᠩ ᠥᠪᠥᠷ ᠮᠣᠩᠭᠤᠯ ᠲᠠᠢ  ᠬᠠᠪᠰᠤᠷᠤᠨ ᠲᠡᠳᠬᠦᠬᠦ ᠠᠵᠢᠯ ᠵᠤᠯᠭᠠᠭᠤᠯᠤᠭᠰᠠᠨ
ᠨᠡᠶᠢᠲᠡᠯᠡᠭᠰᠡᠨ ᠴᠠᠭ᠄
2024/7/26
      ᠰᠦᠯᠳᠡ ᠠᠩᠭᠢ  ᠳᠠᠭᠠᠭᠤᠯᠤᠨ ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ ᠲᠤ ᠪᠡᠭᠡᠵᠢᠩ ᠥᠪᠥᠷ ᠮᠣᠩᠭᠤᠯ ᠲᠠᠢ   ᠬᠠᠪᠰᠤᠷᠤᠨ ᠲᠡᠳᠬᠦᠬᠦ ᠠᠵᠢᠯ ᠵᠤᠯᠭᠠᠭᠤᠯᠤᠭᠰᠠᠨ             ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠶᠢ ᠤᠯᠠᠮ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠬᠠᠮᠲᠤ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 8 ᠂ 9 ᠤ ᠡᠳᠦᠷ ᠪᠣᠯᠲᠠᠯ᠎ᠠ᠂ ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠦᠯᠳᠡ ᠠᠩᠭᠢ ᠪᠠᠨ ᠳᠠᠭᠠᠭᠤᠯᠤᠨ ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ ᠲᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠳᠡᠮᠵᠢᠬᠦ ᠠᠵᠢᠯ ᠢ ᠪᠠᠶᠢᠴᠠᠭᠠᠨ ᠦᠵᠡᠵᠦ ᠰᠣᠯᠢᠯᠴᠠᠬᠤ ᠬᠡᠯᠪᠡᠷᠢ ᠪᠠᠷ ᠵᠣᠯᠭᠠᠯᠴᠠᠭᠤᠯᠵᠠᠢ᠃ ᠬᠤᠸᠠᠢ ᠵᠢᠥ ᠲᠣᠭᠤᠷᠢᠭ ᠤᠨ ᠳᠡᠳ᠋ ᠳᠠᠷᠤᠭ᠎ᠠ ᠰᠢᠶᠠᠣ ᠧᠧᠨ ᠵᠢᠶᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠢᠦ᠋ᠢ ᠬᠤᠣ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠤᠭᠰᠠᠨ‌‍ᠪᠠᠶᠢᠨ᠎ᠠ ᠃
7.11+1.jpeg
      ᠬᠠᠷᠢᠯᠴᠠᠨ ᠬᠠᠷᠢᠯᠴᠠᠬᠤ ᠶᠠᠪᠤᠴᠠ ᠳᠤ᠂ ᠰᠦᠯᠳᠡ ᠪᠣᠯᠤᠨ ᠬᠤᠸᠠᠢ ᠷᠸᠦ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠸᠠᠩ ᠵᠢᠶᠠᠨ ᠭᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠥᠷᠭᠡᠨ ᠳᠡᠯᠭᠡᠷ ᠪᠥᠭᠡᠳ ᠭᠦᠨᠵᠡᠭᠡᠢ ᠶᠠᠷᠢᠯᠴᠠᠨ ᠰᠠᠨᠠᠯ ᠢᠶᠠᠨ ᠰᠣᠯᠢᠯᠴᠠᠪᠠ᠃ᠰᠦᠯᠳᠡ ᠬᠤᠸᠠᠢ ᠷᠸᠦ ᠲᠣᠭᠤᠷᠢᠭ ᠲᠤ ᠤᠷᠲᠤ ᠬᠤᠭᠤᠴᠠᠭᠠᠨ ᠤ ᠲᠤᠷᠰᠢ ᠳᠥᠷᠪᠡᠳ ᠬᠤᠰᠢᠭᠤ ᠶᠢᠨ ᠬᠦᠴᠦᠲᠡᠢ ᠳᠡᠮᠵᠢᠯᠭᠡ ᠬᠠᠪᠰᠤᠷᠤᠯᠭ᠎ᠠ ᠦᠵᠡᠭᠦᠯᠦᠭᠰᠡᠨ ᠳᠤ᠂ ᠳᠥᠷᠪᠡᠳ ᠬᠤᠰᠢᠭᠤᠨ ᠤ ᠣᠶᠢᠷ᠎ᠠ ᠶᠢᠨ  ᠵᠢᠯ ᠠᠴᠠ ᠨᠠᠰᠢᠬᠢ ᠠᠵᠤ ᠦᠢᠯᠡᠰ ᠤᠨ ᠬᠥᠭᠵᠢᠯᠲᠡ᠂ ᠰᠢᠨᠵᠢᠯᠡᠭᠡ ᠮᠡᠷᠭᠡᠵᠢᠯ ᠤᠨ ᠡᠭᠦᠳᠦᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠵᠡᠷᠭᠡ ᠲᠠᠯ᠎ᠠ ᠳᠤ ᠣᠯᠤᠭᠰᠠᠨ ᠮᠡᠳᠡᠭᠳᠡᠮ᠎ᠡ ᠠᠮᠵᠢᠯᠲᠠ ᠵᠢᠴᠢ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠱᠠᠭᠠᠷᠳᠠᠯᠭ᠎ᠠ ᠶᠢ ᠨᠠᠷᠢᠨ ᠲᠠᠨᠢᠯᠴᠠᠭᠤᠯᠪᠠ᠃
7.11+2.jpeg
      ᠬᠤᠸᠠᠢ ᠷᠸᠦ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠳᠥᠷᠪᠡᠳ ᠬᠤᠰᠢᠭᠤᠨ ᠤ ᠠᠵᠤ ᠦᠢᠯᠡᠰ ᠤᠨ ᠬᠥᠭᠵᠢᠯᠲᠡ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ᠂ ᠬᠠᠪᠰᠤᠷᠤᠨ ᠲᠡᠳᠬᠦᠬᠦ ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠵᠤ᠂ ᠠᠵᠤ ᠦᠢᠯᠡᠰ ᠤᠨ ᠬᠠᠮᠲᠤᠷᠠᠯᠴᠠᠭ᠎ᠠ᠂ ᠴᠢᠳᠠᠪᠤᠷᠢᠲᠠᠨ ᠤ ᠰᠣᠯᠢᠯᠴᠠᠭ᠎ᠠ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ᠂ ᠬᠡᠷᠡᠭᠯᠡᠭᠡ ᠶᠢᠨ ᠬᠠᠪᠰᠤᠷᠤᠯᠭ᠎ᠠ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠴᠦ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠢ ᠲᠦᠯᠬᠢᠨ ᠠᠬᠢᠭᠤᠯᠵᠤ ᠨᠡᠩ ᠶᠡᠭᠡ ᠪᠣᠳᠠᠲᠤ ᠦᠷ᠎ᠡ ᠪᠦᠲᠦᠮᠵᠢ ᠣᠯᠤᠨ᠎ᠠ ᠭᠡᠵᠦ ᠢᠯᠡᠳᠬᠡᠪᠡ᠃
7.11+3.jpeg
      ᠳᠠᠷᠠᠭ᠎ᠠ ᠨᠢ᠂ ᠳᠥᠷᠪᠡᠳ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠬᠤᠸᠠᠢ ᠷᠸᠦ ᠲᠣᠭᠤᠷᠢᠭ ᠤᠨ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ ᠪᠣᠯᠤᠨ ᠠᠵᠤ ᠦᠢᠯᠡᠰ ᠤᠨ ᠲᠥᠷᠥᠯ ᠵᠦᠢᠯ ᠢ ᠪᠠᠶᠢᠴᠠᠭᠠᠨ ᠦᠵᠡᠵᠦ᠂ ᠬᠤᠸᠠᠢ ᠷᠸᠦ ᠲᠣᠭᠤᠷᠢᠭ ᠤᠨ ᠠᠵᠤ ᠦᠢᠯᠡᠰ ᠤᠨ ᠬᠥᠭᠵᠢᠯᠲᠡ᠂ ᠰᠢᠨᠵᠢᠯᠡᠭᠡ ᠮᠡᠷᠭᠡᠵᠢᠯ ᠤᠨ ᠡᠭᠦᠳᠦᠯᠲᠡ᠂ ᠬᠥᠳᠡᠭᠡ ᠲᠣᠰᠬᠤᠨ ᠢ ᠮᠠᠨᠳᠤᠭᠤᠯᠬᠤ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠪᠣᠯᠤᠨ ᠠᠷᠭ᠎ᠠ ᠬᠢᠳᠡᠯ ᠢ ᠭᠦᠨᠵᠡᠭᠡᠢ ᠣᠶᠢᠯᠠᠭᠠᠪᠠ᠃ ᠡᠭᠦᠨ ᠤ ᠵᠡᠷᠭᠡᠴᠡᠭᠡ ᠬᠤᠶᠠᠷ ᠲᠠᠯ᠎ᠠ ᠮᠥᠨ ᠬᠤᠶᠠᠷ ᠣᠷᠣᠨ ᠤ ᠠᠵᠤ ᠠᠬᠤᠢ ᠶᠢᠨ ᠨᠢᠭᠡᠴᠡ ᠶᠢᠨ ᠬᠤᠭᠤᠷᠣᠨᠳᠣ ᠶᠢᠨ ᠬᠠᠮᠲᠤ ᠶᠢᠨ ᠠᠵᠢᠯᠯᠠᠭ᠎ᠠ ᠶᠢ ᠴᠢᠨᠠᠭᠰᠢᠳᠠ ᠡᠷᠴᠢᠮᠵᠢᠭᠦᠯᠬᠦ ᠲᠠᠯ᠎ᠠ ᠪᠠᠷ ᠭᠦᠨᠵᠡᠭᠡᠢ ᠶᠠᠷᠢᠯᠴᠠᠭᠰᠠᠨ ᠪᠠᠶᠢᠨ᠎ᠠ᠃
7.11+4.jpeg
      ᠲᠤᠰ ᠤᠳᠠᠭᠠᠨ ᠤ ᠵᠣᠯᠭᠠᠯᠴᠠᠭ᠎ᠠ ᠰᠣᠯᠢᠯᠴᠠᠭᠠᠨ ᠤ ᠠᠵᠢᠯᠯᠠᠭ᠎ᠠ ᠨᠢ ᠳᠥᠷᠪᠡᠳ ᠬᠤᠰᠢᠭᠤ ᠬᠢᠭᠡᠳ ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠤᠯᠠᠮ ᠨᠡᠮᠡᠭᠳᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠳᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠪᠠ ᠴᠢᠭᠯᠡᠯ ᠢ ᠲᠣᠳᠣᠷᠬᠠᠢ ᠲᠣᠭᠲᠠᠭᠠᠪᠠ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠥᠭᠵᠢᠬᠦ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠳᠥᠷᠪᠡᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ ᠭᠡᠵᠦ ᠢᠯᠡᠷᠬᠡᠶᠢᠯᠡᠭᠰᠡᠨ ᠪᠠᠶᠢᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2