ᠥᠪᠥᠷ ᠮᠣᠩᠭᠤᠯ ᠤᠨ ᠳᠥᠷᠪᠡᠳ ᠬᠤᠰᠢᠭᠤᠨ ᠤ ᠰᠠᠯᠬᠢ ᠭᠡᠷᠡᠯ ᠤᠰᠤᠳᠦᠷᠦᠭᠴᠢ ᠰᠢᠪᠳᠦᠷ ᠤᠨ | ᠡᠨᠧᠷᠭᠢ ᠶᠢᠨ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠨᠡᠶᠢᠯᠡᠮᠡᠯ ᠪᠤᠬᠢᠷᠳᠤᠯ ᠦᠭᠡᠢ | ᠰᠢᠪᠳᠤᠷ ᠤᠨ ᠪᠦᠳᠦᠭᠡᠨ ᠪᠠᠶᠢᠭᠤᠯᠤᠯᠳᠠ ᠶᠢᠨ ᠲᠥᠷᠥᠯ ᠵᠦᠢᠯ ᠠᠵᠢᠯ ᠡᠬᠢᠯᠡᠭᠰᠡᠨ | | 7 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠳᠥᠷᠪᠡᠳ ᠬᠤᠰᠢᠭᠤᠨ ᠤ ᠰᠠᠯᠬᠢ ᠭᠡᠷᠡᠯ | ᠤᠰᠤᠳᠦᠷᠦᠭᠴᠢ ᠰᠢᠪᠳᠦᠷ ᠤᠨ ᠡᠨᠧᠷᠭᠢ ᠶᠢᠨ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ | ︱ᠨᠡᠶᠢᠯᠡᠮᠡᠯ ᠪᠤᠬᠢᠷᠳᠤᠯ ᠦᠭᠡᠢ ᠰᠢᠪᠳᠤᠷ ᠤᠨ ᠪᠦᠳᠦᠭᠡᠨ ᠪᠠᠶᠢᠭᠤᠯᠤᠯᠳᠠ ᠶᠢᠨ ᠲᠥᠷᠥᠯ ᠵᠦᠢᠯ ᠳᠥᠷᠪᠡᠳ ᠤᠨ | ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠲᠤ ᠠᠵᠢᠯ ᠡᠬᠢᠯᠡᠭᠰᠡᠨ ᠪᠠᠶᠢᠨ᠎ᠠ᠃ | ᠲᠥᠷᠥᠯ ᠵᠦᠢᠯ ᠢ ᠳᠥᠷᠪᠡᠳ ᠬᠤᠰᠢᠭᠤᠨ ᠤ ᠪᠠᠶᠢᠭᠠᠯᠢ ᠶᠢᠨ ᠰᠠᠯᠬᠢ᠂ ᠭᠡᠷᠡᠯ ᠤᠨ ᠡᠨᠧᠷᠭᠢ ᠶᠢᠨ ᠬᠦᠴᠦᠨ | ᠤ ᠪᠠᠶᠠᠯᠢᠭ ᠲᠤ ᠲᠦᠰᠢᠭᠯᠡᠨ᠂ ᠴᠠᠬᠢᠯᠭᠠᠨ ᠭᠠᠷᠭᠠᠬᠤ᠂ ᠰᠢᠩᠭᠡᠭᠡᠬᠦ᠂ ᠬᠠᠳᠠᠭᠠᠯᠠᠬᠤ᠂ ᠠᠰᠢᠭᠯᠠᠬᠤ ᠶᠢ | ᠤᠶᠠᠯᠳᠤᠭᠤᠯᠤᠭᠰᠠᠨ ᠰᠢᠨ᠎ᠡ ᠡᠨᠧᠷᠭᠢ ᠶᠢᠨ ᠬᠦᠴᠦᠨ ᠤ ᠠᠵᠤ ᠦᠢᠯᠡᠳᠪᠦᠷᠢ ᠶᠢᠨ ᠰᠢᠰᠲ᠋ᠧᠮ ᠢ ᠴᠢᠷᠮᠠᠶᠢᠨ | ᠪᠠᠶᠢᠭᠤᠯᠤᠨ᠎ᠠ᠃ ᠲᠥᠷᠥᠯ ᠵᠦᠢᠯ ᠢ ᠰᠠᠯᠬᠢ ᠪᠠ ᠭᠡᠷᠡᠯ ᠴᠡᠨᠡᠭ ᠢᠶᠠᠷ ᠤᠰᠤᠳᠦ᠋ᠷᠦᠭᠴᠢ ᠦᠢᠯᠡᠳᠬᠦ ᠶᠢ ᠨᠢᠭᠡ | ᠴᠣᠭᠴᠠᠵᠢᠭᠤᠯᠬᠤ ᠪᠠ ᠨᠡᠶᠢᠯᠡᠮᠡᠯ ᠪᠤᠬᠢᠷᠳᠤᠯ ᠦᠭᠡᠢ ᠰᠢᠪᠲᠦᠷ ᠤᠨ ᠨᠡᠶᠢᠯᠡᠯᠭᠡ ᠬᠤᠶᠠᠷ ᠬᠡᠰᠡᠭ ᠬᠤᠪᠢᠶᠠᠨ | ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 189 ᠳ᠋ᠦᠩᠰᠢᠭᠤᠷ ᠲᠥᠭᠦᠷᠢᠭ᠂ ᠡᠭᠦᠨ ᠳᠤ ᠰᠠᠯᠬᠢᠨ | ᠬᠦᠴᠦ ᠪᠠ ᠭᠡᠷᠡᠯ ᠤᠨ ᠡᠨᠧᠷᠭᠢ ᠪᠠᠷ ᠤᠰᠤᠳᠦ᠋ᠷᠦᠭᠴᠢ ᠭᠠᠷᠭᠠᠬᠤ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠢᠯ 125 ᠲᠦᠮᠡᠨ | ᠺᠢᠯᠣᠸᠠᠲ᠂ ᠭᠡᠷᠡᠯ ᠤᠨ ᠴᠠᠬᠢᠯᠭᠠᠨ ᠭᠠᠷᠭᠠᠬᠤ ᠲᠥᠷᠥᠯ ᠵᠦᠢᠯ115 ᠲᠦᠮᠡᠨ ᠺᠢᠯᠣᠸᠠᠲ ᠪᠠᠶᠢᠵᠤ᠂ ALK | ᠱᠦᠯᠲᠦᠯᠢᠭ ᠰᠢᠩᠭᠡᠨ ᠪᠡᠶᠡᠲᠦ ᠶᠢᠨ ᠤᠰᠤ ᠪᠠᠷ ᠴᠠᠬᠢᠯᠭᠠᠨ ᠵᠠᠳᠠᠷᠠᠭᠤᠯᠵᠤ ᠤᠰᠤᠲᠦᠷᠦ᠋ᠭᠴᠢ ᠦᠢᠯᠡᠳᠬᠦ | ᠮᠡᠷᠭᠡᠵᠢᠯ ᠢ ᠰᠣᠩᠭᠤᠨ ᠬᠡᠷᠡᠭᠯᠡᠨ᠎ᠡ᠃ ᠨᠡᠶᠢᠯᠡᠮᠡᠯ ᠪᠤᠬᠢᠷᠳᠤᠯ ᠦᠭᠡᠢ ᠰᠢᠪᠲᠦᠷ ᠤᠨ ᠲᠥᠷᠥᠯ ᠵᠦᠢᠯ ᠤᠨ ᠪᠡᠯᠡ | ᠣᠷᠣᠭᠤᠯᠤᠯᠲᠠ ᠨᠢ 18 ᠳ᠋ᠦᠩᠰᠢᠭᠤᠷ ᠲᠥᠭᠦᠷᠢᠭ᠂ ᠲᠥᠷᠥᠯ ᠵᠦᠢᠯ ᠢ ᠭᠤᠷᠪᠠᠨ ᠬᠤᠭᠤᠴᠠᠭ᠎ᠠ ᠬᠤᠪᠢᠶᠠᠨ | ᠪᠦᠲᠦᠭᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠰᠢᠪᠲᠦᠷ ᠤᠨ ᠨᠡᠶᠢᠯᠡᠯᠭᠡ ᠶᠢᠨ ᠮᠡᠷᠭᠡᠵᠢᠯ ᠢ | ᠬᠡᠷᠡᠭᠯᠡᠵᠦ᠂ ᠳᠡᠭᠡᠳᠦ ᠤᠷᠤᠰᠬᠠᠯ ᠤᠨ ᠪᠤᠬᠢᠷᠳᠤᠯ ᠦᠭᠡᠢ ᠴᠠᠬᠢᠯᠭᠠᠨ ᠬᠦᠴᠦᠨ ᠢ ᠠᠰᠢᠭᠯᠠᠨ ᠡᠨᠧᠷᠭᠢ ᠶᠢᠨ | ᠰᠤᠷᠪᠤᠯᠵᠢ ᠪᠣᠯᠭᠠᠵᠤ᠂ ᠴᠠᠬᠢᠯᠭᠠᠨ ᠵᠠᠳᠠᠯᠤᠯ ᠤᠨ ᠤᠰᠤᠲᠦᠷᠦ᠋ᠭᠴᠢ ᠦᠢᠯᠡᠳᠬᠦ ᠲᠣᠨᠤᠭ ᠲᠥᠬᠦᠭᠡᠷᠦᠮᠵᠢ ᠶᠢ | ᠲᠣᠬᠢᠷᠠᠭᠤᠯᠤᠨ ᠤᠰᠤᠲᠦᠷᠦ᠋ᠭᠴᠢ ᠡᠭᠦᠰᠬᠡᠬᠦ ᠪᠥᠭᠡᠳ ᠵᠣᠬᠢᠴᠠᠩᠭᠤᠢ ᠬᠡᠢ ᠰᠠᠯᠭᠠᠬᠤ ᠲᠣᠨᠣᠭᠯᠠᠯ ᠲᠣᠬᠢᠷᠠᠭᠤᠯᠤᠨ | ᠠᠽᠣᠲ ᠬᠡᠢ ᠦᠢᠯᠡᠳᠪᠦᠷᠢᠯᠡᠵᠦ᠂ ᠤᠰᠤᠲᠥᠷᠥᠭᠴᠢ ᠬᠡᠢ ᠪᠣᠯᠤᠨ ᠠᠽᠣᠲ ᠬᠡᠢ ᠶᠢ ᠳᠠᠬᠢᠨ ᠨᠡᠶᠢᠯᠡᠮᠡᠯ ᠪᠤᠬᠢᠷᠳᠤᠯ | ᠦᠭᠡᠢ ᠰᠢᠪᠲᠦᠷ ᠪᠣᠯᠭᠠᠨ ᠨᠡᠶᠢᠯᠡᠭᠦᠯᠵᠦ᠂ ᠵᠢᠯ ᠤᠨ ᠦᠢᠯᠡᠳᠪᠦᠷᠢᠯᠡᠬᠦ ᠴᠢᠳᠠᠪᠤᠷᠢ ᠶᠢ 50 ᠲᠦᠮᠡᠨ ᠲᠤᠨ ᠬᠦᠷᠭᠡᠬᠦ | ᠪᠤᠯᠤᠨ᠎ᠠ᠃ | ᠰᠠᠯᠬᠢ ᠭᠡᠷᠡᠯ ᠤᠰᠤᠳᠦᠷᠦᠭᠴᠢ ᠰᠢᠪᠳᠦᠷ ᠤᠨ ᠡᠨᠧᠷᠭᠢ ᠶᠢᠨ ᠨᠢᠭᠡ ᠴᠤᠭᠴᠠᠵᠢᠭᠤᠯᠤᠭᠰᠠᠨ ᠵᠢᠱᠢᠶ᠎ᠡ | ᠦᠵᠡᠭᠦᠯᠬᠦ ᠲᠥᠷᠥᠯ ᠵᠦᠢᠯ ᠪᠣᠯ ᠤᠰᠤᠳᠦ᠋ᠷᠦᠭᠴᠢ ᠡᠨᠧᠷᠭᠢ ᠶᠢᠨ ᠠᠵᠤ ᠦᠢᠯᠡᠰ ᠤᠨ ᠴᠢᠬᠤᠯᠠ ᠪᠦᠷᠢᠯᠳᠦᠬᠦᠨ | ᠪᠣᠯᠬᠤ ᠪᠥᠭᠡᠳ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ | ᠢᠷᠡᠭᠡᠳᠦᠢ ᠶᠢᠨ ᠠᠵᠤ ᠦᠢᠯᠡᠰ ᠪᠣᠯᠤᠨ᠎ᠠ᠂ ᠮᠥᠨ ᠴᠦ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠬᠤ ᠶᠤᠮ᠃ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ | ᠳᠠᠷᠠᠭ᠎ᠠ᠂ ᠵᠢᠱᠢᠯᠲᠡ ᠪᠠᠷ ᠵᠢᠯ ᠪᠦᠷᠢ ᠪᠤᠬᠢᠷᠳᠤᠯ ᠦᠭᠡᠢ ᠴᠠᠬᠢᠯᠭᠠᠨ ᠭᠠᠷᠭᠠᠬᠤ ᠬᠡᠮᠵᠢᠶ᠎ᠡ 63 ᠳ᠋ᠦᠩᠰᠢᠭᠤᠷ | ᠺᠢᠯᠣᠸᠠᠲ ᠴᠠᠭ ᠲᠤ ᠬᠦᠷᠴᠦ᠂ ᠪᠠᠷᠢᠮᠵᠢᠶᠠᠲᠤ ᠨᠡᠭᠦᠷᠡᠰᠦ ᠶᠢ 133.9 ᠲᠦᠮᠡᠨ ᠲᠤᠨ ᠠᠷᠪᠢᠯᠠᠵᠤ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠣᠬᠢᠷᠲᠤᠯ ᠢ 632.78 ᠲᠦᠮᠡᠨ ᠲᠤᠨ ᠪᠠᠭᠠᠰᠬᠠᠵᠤ᠂ | ᠵᠢᠱᠢᠯᠲᠡ ᠪᠠᠷ ᠵᠢᠯ ᠳᠤ 9 ᠲᠦᠮᠡᠨ ᠲᠤᠨ ᠪᠤᠬᠢᠷᠳᠤᠯ ᠦᠭᠡᠢ ᠤᠰᠤᠳᠦ᠋ᠷᠦᠭᠴᠢ᠂ 50 ᠲᠦᠮᠡᠨ ᠲᠤᠨ ᠪᠤᠬᠢᠷᠳᠤᠯ | ᠦᠭᠡᠢ ᠰᠢᠪᠲᠦᠷ ᠦᠢᠯᠡᠳᠪᠦᠷᠢᠯᠡᠵᠦ᠂ ᠣᠷᠣᠨ ᠨᠤᠲᠤᠭ ᠤᠨ ᠪᠤᠬᠢᠷᠳᠤᠯ ᠦᠭᠡᠢ ᠴᠠᠬᠢᠯᠭᠠᠨ ᠢ ᠰᠢᠩᠭᠡᠭᠡᠨ ᠠᠪᠬᠤ | ᠴᠢᠳᠠᠪᠤᠷᠢ ᠶᠢ ᠬᠦᠴᠦᠲᠡᠢ ᠳᠡᠭᠡᠭᠰᠢᠯᠡᠭᠦᠯᠵᠦ᠂ ᠡᠨᠧᠷᠭᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠪᠠ | ᠪᠣᠬᠢᠷᠲᠤᠯ ᠥᠬᠡᠢ ᠳᠣᠣᠷ᠎ᠠ ᠨᠡᠭᠦᠷᠡᠰᠦᠲᠥ᠋ᠷᠦᠭᠴᠢᠲᠦ ᠬᠥᠭᠵᠢᠯᠲᠡ ᠶᠢᠨ ᠲᠠᠯ᠎ᠠ ᠪᠠᠷ ᠬᠥᠲᠥᠯᠦᠨ ᠳᠠᠭᠠᠭᠤᠯᠬᠤ | ᠦᠢᠯᠡᠳᠦᠯ ᠢᠶᠠᠨ ᠪᠠᠳᠠᠷᠠᠭᠤᠯᠵᠤ᠂ ᠭᠠᠵᠠᠷ ᠣᠷᠣᠨ ᠤ ᠤᠰᠤᠳᠦ᠋ᠷᠥᠭᠴᠢ ᠰᠢᠪᠲᠦᠷ ᠤᠨ ᠠᠵᠤ ᠦᠢᠯᠡᠰ ᠤᠨ | ᠲᠦᠷᠭᠡᠨ ᠬᠥᠭᠵᠢᠯᠲᠡ ᠶᠢ ᠠᠬᠢᠭᠤᠯᠵᠤ᠂ ᠪᠤᠬᠢᠷᠳᠤᠯ ᠦᠭᠡᠢ ᠤᠰᠤᠳᠦ᠋ᠷᠥᠭᠴᠢ ᠶᠢᠨ ᠬᠡᠷᠡᠭᠯᠡᠭᠡᠨ ᠤ ᠠᠷᠭ᠎ᠠ ᠵᠠᠮ ᠢ | ᠥᠷᠭᠡᠳᠬᠡᠵᠦ᠂ ᠰᠢᠨ᠎ᠡ ᠡᠨᠧᠷᠭᠢ ᠪᠠ ᠬᠢᠮᠢ ᠶᠢᠨ ᠠᠵᠤ ᠦᠢᠯᠡᠳᠪᠦᠷᠢ ᠶᠢᠨ ᠭᠦᠨ ᠨᠡᠶᠢᠯᠡᠯᠲᠡ ᠶᠢ | ᠦᠢᠯᠡᠳᠦᠯᠭᠡᠵᠢᠭᠦᠯᠵᠦ᠂ ᠪᠦᠷᠢᠨ ᠪᠦᠲᠦᠨ《 ᠪᠤᠬᠢᠷᠳᠤᠯ ᠦᠭᠡᠢ ᠴᠠᠬᠢᠯᠭᠠᠨ ︱ ᠪᠤᠬᠢᠷᠳᠤᠯ ᠦᠭᠡᠢ | ᠤᠰᠤᠳᠦ᠋ᠷᠦᠭᠴᠢ ︱ ᠪᠤᠬᠢᠷᠳᠤᠯ ᠦᠭᠡᠢ ᠰᠢᠪᠲᠦᠷ 》 ᠤᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ | ᠳᠥᠷᠪᠡᠳ ᠬᠤᠰᠢᠭᠤᠨ ᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠣᠳᠣ | ᠦᠶ᠎ᠡ ᠶᠢᠨ ᠠᠵᠤ ᠠᠬᠤᠢ ᠶᠢᠨ ᠡᠨᠧᠷᠭᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠳᠤ ᠤᠷᠢᠳᠠᠪᠡᠷ | ᠵᠢᠱᠢᠶ᠎ᠡ ᠦᠵᠡᠭᠦᠯᠬᠦ ᠳᠠᠭᠠᠭᠤᠯᠤᠭᠴᠢ ᠶᠢᠨ ᠦᠢᠯᠡᠳᠦᠯ ᠦᠵᠡᠭᠦᠯᠬᠦ ᠪᠣᠯᠤᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠯᠢ ᠨᠢᠩ ᠷᠧᠨ ᠫᠧᠩ ᠸᠠᠩ ᠵᠢᠩ ᠶᠧ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ |