ᠮᠠᠨ ᠤ ᠬᠤᠰᠢᠭᠤ ᠬᠤᠶᠠᠷ ᠮᠢᠩᠭ᠎ᠠ ᠬᠤᠷᠢᠨ ᠳᠦᠷᠪᠡᠨ ᠣᠨ ᠤ ᠨᠠᠰᠤᠲᠠᠶᠢᠴᠤᠳ ᠤᠨ ᠰᠢᠳᠡᠷ᠎ᠡ ᠶᠢᠨ ᠤᠷᠤᠯᠳᠤᠭᠠᠨ ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2024/7/8
      ᠮᠠᠨ ᠤ ᠬᠤᠰᠢᠭᠤ ᠬᠤᠶᠠᠷ ᠮᠢᠩᠭ᠎ᠠ ᠬᠤᠷᠢᠨ ᠳᠦᠷᠪᠡᠨ ᠣᠨ ᠤ ᠨᠠᠰᠤᠲᠠᠶᠢᠴᠤᠳ ᠤᠨ ᠰᠢᠳᠡᠷ᠎ᠡ ᠶᠢᠨ ᠤᠷᠤᠯᠳᠤᠭᠠᠨ ᠶᠠᠪᠤᠭᠳᠠᠭᠤᠯᠤᠭᠰᠠᠨ                   7 ᠰᠠᠷ᠎ᠠ ᠶᠢᠨ 8 ᠤ ᠡᠳᠦᠷ᠂ ᠮᠠᠨ ᠤ ᠬᠤᠰᠢᠭᠤ ᠨᠠᠰᠤᠲᠠᠶᠢᠴᠤᠳ ᠤᠨ ᠣᠶᠤᠨ ᠤ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 2024 ᠣᠨ ᠤ ᠨᠠᠰᠤᠲᠠᠶᠢᠴᠤᠳ ᠤᠨ ᠰᠢᠳᠡᠷ᠎ᠡ ᠶᠢᠨ ᠤᠷᠤᠯᠳᠤᠭᠠᠨ ᠤ ᠰᠣᠯᠢᠯᠴᠠᠭᠠᠨ ᠤ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃       ᠲᠤᠰ ᠤᠳᠠᠭᠠᠨ ᠤ ᠤᠷᠤᠯᠳᠤᠭᠠᠨ ᠢ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠠ ᠬᠤᠰᠢᠭᠤᠨ ᠤ ᠠᠬᠠᠮᠠᠳ ᠺᠠᠳ᠋ᠷ ᠤᠨ ᠠᠵᠢᠯᠯᠠᠭᠠᠨ ᠤ ᠲᠥᠪ ᠠᠴᠠ ᠡᠷᠬᠢᠯᠡᠵᠦ᠂ ᠪᠦᠬᠦ ᠬᠤᠰᠢᠭᠤᠨ ᠤ 16 ᠰᠠᠯᠪᠤᠷᠢ ᠲᠥᠯᠥᠭᠡᠯᠡᠭᠴᠢᠳ ᠤᠨ ᠠᠩᠭᠢ ᠶᠢᠨ 40 ᠰᠢᠬᠠᠮ ᠬᠥᠮᠦᠨ ᠤᠷᠤᠯᠳᠤᠭᠠᠨ ᠳᠤ  ᠤᠷᠤᠯᠴᠠᠭᠰᠠᠨ ᠪᠠᠶᠢᠨ᠎ᠠ᠃       ᠰᠣᠯᠢᠯᠴᠠᠭᠠᠨ ᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠠᠰᠤᠲᠠᠶᠢᠴᠤᠳ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠪᠠ ᠢᠳᠡᠪᠬᠢᠵᠢᠯ ᠢ ᠳᠠᠶᠢᠴᠢᠯᠠᠭᠰᠠᠨ ᠢᠶᠠᠷ ᠪᠠᠷᠠᠬᠤ ᠦᠭᠡᠢ᠂ ᠣᠯᠠᠨ ᠳᠤ ᠤᠷᠤᠯᠳᠤᠭᠠᠨ ᠤ ᠬᠠᠪᠤ ᠴᠡᠩᠭᠡᠯ ᠢ ᠤᠯᠠᠮ ᠨᠢᠭᠡ ᠠᠯᠬᠤᠮ ᠮᠡᠳᠡᠷᠡᠭᠦᠯᠬᠦ ᠶᠢᠨ ᠬᠠᠮᠲᠤ᠂ ᠰᠢᠳᠡᠷ᠎ᠡ ᠶᠢᠨ ᠤᠷ᠎ᠠ ᠮᠡᠷᠭᠡᠰᠢᠯ ᠤᠨ ᠬᠢᠷᠢ ᠬᠡᠮᠵᠢᠶ᠎ᠡ ᠪᠠ ᠦᠵᠡᠯ ᠰᠠᠨᠠᠭᠠᠨ ᠤ ᠠᠬᠤᠢ ᠪᠠᠶᠢᠳᠠᠯ ᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠪᠠᠶᠠᠷ ᠵᠢᠷᠭᠠᠯ ᠲᠠᠢ ᠪᠠᠶᠢᠬᠤ ᠶᠢ ᠬᠠᠷᠠᠭᠤᠯᠵᠤ᠂ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠴᠣᠭᠴᠠᠯᠠᠨ ᠡᠳ᠋ᠯᠡᠬᠦ ᠶᠢ ᠲᠦᠯᠬᠢᠨ ᠠᠬᠢᠭᠤᠯᠤᠭᠰᠠᠨ ᠪᠠᠶᠢᠨ᠎ᠠ᠃  ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠰᠤᠷᠤᠨ᠎ᠠ   ᠳ᠋ᠦᠩ ᠵᠢᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2