ᠮᠠᠨ ᠤ ᠬᠤᠰᠢᠭᠤ 2024 ᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠬᠤᠷᠠᠯ ᠵᠢᠴᠢ ᠬᠤᠲᠠ ᠪᠠᠯᠭᠠᠰᠤᠨ ᠤ ᠦᠶᠡᠷ ᠢ ᠰᠡᠷᠭᠡᠶᠢᠯᠡᠬᠦ ᠶᠡᠷᠦᠩᠬᠡᠶᠢᠯᠡᠭᠰᠡᠨ ᠰᠣᠷᠢᠯᠲᠠ ᠬᠢᠭᠰᠡᠨ
ᠨᠡᠶᠢᠲᠡᠯᠡᠭᠰᠡᠨ ᠴᠠᠭ᠄
2024/7/8
      ᠮᠠᠨ ᠤ ᠬᠤᠰᠢᠭᠤ 2024 ᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠬᠤᠷᠠᠯ ᠵᠢᠴᠢ ᠬᠤᠲᠠ ᠪᠠᠯᠭᠠᠰᠤᠨ ᠤ ᠦᠶᠡᠷ ᠢ ᠰᠡᠷᠭᠡᠶᠢᠯᠡᠬᠦ ᠶᠡᠷᠦᠩᠬᠡᠶᠢᠯᠡᠭᠰᠡᠨ ᠰᠣᠷᠢᠯᠲᠠ ᠬᠢᠭᠰᠡᠨ              ᠣᠶᠢᠷ᠎ᠠ ᠳᠤ᠂ ᠮᠠᠨ ᠤ ᠬᠤᠰᠢᠭᠤ 2024 ᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠬᠤᠷᠠᠯ ᠵᠢᠴᠢ ᠬᠤᠲᠠ ᠪᠠᠯᠭᠠᠰᠤᠨ ᠤ ᠦᠶᠡᠷ ᠢ ᠰᠡᠷᠭᠡᠶᠢᠯᠡᠬᠦ ᠶᠡᠷᠦᠩᠬᠡᠶᠢᠯᠡᠭᠰᠡᠨ ᠰᠣᠷᠢᠯᠲᠠ ᠬᠢᠭᠰᠡᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠰᠦᠯᠳᠡ ᠤᠷᠤᠯᠴᠠᠭᠰᠠᠨ ᠪᠠᠶᠢᠨ᠎ᠠ᠃        ᠲᠤᠰ ᠤᠳᠠᠭᠠᠨ ᠤ ᠦᠶᠡᠷ ᠢ ᠰᠡᠷᠭᠡᠶᠢᠯᠡᠬᠦ ᠶᠡᠷᠦᠩᠬᠡᠶᠢᠯᠡᠭᠰᠡᠨ ᠰᠣᠷᠢᠯᠲᠠ ᠨᠢ ᠨᠡᠶᠢᠲᠡ 8 ᠬᠤᠲᠠ ᠪᠠᠯᠭᠠᠰᠤᠨ ᠤ ᠦᠶᠡᠷ ᠤᠰᠤᠲᠤᠯ ᠤᠨ ᠲᠦᠭᠰᠢᠭᠦᠷᠢ ᠴᠡᠭ ᠢ ᠪᠠᠶᠢᠷᠢᠯᠠᠭᠤᠯᠵᠤ᠂ ᠰᠣᠷᠢᠯᠲᠠ ᠳᠤ ᠣᠷᠣᠯᠴᠠᠭᠰᠠᠨ ᠡᠯ᠎ᠡ ᠨᠢᠭᠡᠴᠡ ᠶᠢᠨ ᠬᠢᠨ ᠲᠦᠷᠭᠡᠨ ᠴᠤᠤᠷᠢᠶᠠᠲᠤᠨ᠂ ᠨᠢᠭᠲᠠ ᠬᠠᠮᠵᠢᠯᠴᠠᠨ᠂ ᠤᠷᠢᠳᠴᠢᠯᠠᠨ ᠲᠣᠭᠲᠠᠭᠰᠠᠨ ᠲᠥᠰᠦᠯ ᠶᠣᠰᠣᠭᠠᠷ ᠠᠶᠤᠯ ᠠᠴᠠ ᠠᠪᠤᠷᠠᠨ ᠲᠤᠰᠠᠯᠠᠬᠤ᠂ ᠬᠥᠮᠦᠰ ᠢ ᠲᠣᠬᠤᠨᠢᠭᠤᠯᠤᠨ ᠲᠠᠷᠬᠠᠭᠠᠬᠤ ᠵᠡᠷᠭᠡ ᠠᠵᠢᠯ ᠢ ᠡᠮᠬᠢ ᠳᠠᠷᠠᠭ᠎ᠠ ᠲᠠᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠣᠯᠤᠨ ᠬᠠᠮᠵᠢᠯᠴᠠᠨ ᠪᠠᠶᠢᠯᠳᠤᠬᠤ ᠬᠢᠷᠢ ᠲᠦᠪᠰᠢᠨ ᠢ ᠨᠡᠯᠢᠶᠡᠳ ᠰᠠᠶᠢᠨ ᠬᠠᠷᠠᠭᠤᠯᠬᠤ ᠶᠢᠨ ᠬᠠᠮᠲᠤ᠂ ᠬᠤᠰᠢᠭᠤᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ ᠪᠣᠯᠤᠨ ᠬᠡᠷᠡᠭᠯᠡᠭᠡᠨ ᠤ ᠴᠢᠨᠠᠷ ᠢ ᠰᠢᠯᠭᠠᠨ ᠪᠠᠶᠢᠴᠠᠭᠠᠵᠤ᠂ ᠺᠠᠳ᠋ᠷ ᠣᠯᠠᠨ ᠲᠦᠮᠡᠨ ᠤ ᠦᠶᠡᠷ ᠢ ᠰᠡᠷᠭᠡᠶᠢᠯᠡᠬᠦ ᠤᠬᠠᠮᠰᠠᠷ ᠢ  ᠳᠡᠭᠡᠭᠰᠢᠯᠡᠭᠦᠯᠦᠭᠰᠡᠨ ᠪᠠᠶᠢᠨ᠎ᠠ᠃        ᠰᠣᠷᠢᠯᠲᠠ ᠶᠢᠨ ᠳᠠᠷᠠᠭ᠎ᠠ ᠬᠤᠷᠠᠯ ᠬᠤᠷᠠᠯᠳᠤᠭᠤᠯᠵᠤ᠂ ᠰᠣᠷᠢᠯᠲᠠ ᠶᠢᠨ ᠳᠤᠮᠳᠠ ᠣᠷᠣᠰᠢᠵᠤ ᠪᠠᠶᠢᠭ᠎ᠠ ᠵᠠᠷᠢᠮ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ ᠰᠠᠨᠠᠭᠤᠯᠭ᠎ᠠ ᠳᠤᠷᠠᠳᠤᠭᠰᠠᠨ  ᠪᠠᠶᠢᠨ᠎ᠠ ᠃         ᠵᠢᠶᠠ ᠰᠢᠶᠣᠤ ᠫᠢᠩ ᠵᠢᠴᠢ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠡᠯ᠎ᠡ ᠳᠡᠳ᠋ ᠶᠡᠷᠦᠩᠬᠡᠢ ᠵᠢᠯᠣᠭᠤᠳᠤᠭᠴᠢ᠂ ᠪᠦᠷᠢᠯᠳᠦᠬᠦᠨ ᠨᠢᠭᠡᠴᠡ ᠪᠣᠯᠤᠨ ᠡᠯ᠎ᠡ ᠰᠤᠮᠤ ᠰᠢᠶᠠᠩ  ᠪᠠᠯᠭᠠᠰᠤᠨ ᠤ  ᠬᠠᠷᠢᠭᠤᠴᠠᠯᠭᠠᠲᠠᠨ ᠤᠷᠤᠯᠴᠠᠵᠠᠢ ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄     ᠴᠧᠨ ᠯᠢᠨ   ᠳ᠋ᠦᠩ ᠵᠢᠩ   ᠲᠡᠷᠭᠡᠯ  ᠢᠦᠢ ᡁᠢ ᠹᠠᠩ    ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2