ᠶᠡᠭᠡ ᠬᠠᠷ᠎ᠠ ᠭᠤᠣᠯ ᠰᠢᠶᠠᠩ ᠤᠨ ᠰᠧ ᠱᠢ ᠴᠢᠩ ᠳ᠋ᠢ ᠲᠣᠰᠬᠤᠨ 《 ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠤᠷᠤᠯᠴᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ  ᠨᠢᠭᠲᠠᠷᠠᠭᠤᠯᠬᠤ 》 ᠨᠠᠮ ᠪᠠᠶᠢᠭᠤᠯᠤᠭᠳᠠᠭᠰᠠᠨ 103 ᠵᠢᠯ ᠤᠨ ᠣᠢ ᠶᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/9
      ᠶᠡᠭᠡ ᠬᠠᠷ᠎ᠠ ᠭᠤᠣᠯ ᠰᠢᠶᠠᠩ ᠤᠨ ᠰᠧ ᠱᠢ ᠴᠢᠩ ᠳ᠋ᠢ ᠲᠣᠰᠬᠤᠨ 《 ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠤᠷᠤᠯᠴᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ  ᠨᠢᠭᠲᠠᠷᠠᠭᠤᠯᠬᠤ 》 ᠨᠠᠮ ᠪᠠᠶᠢᠭᠤᠯᠤᠭᠳᠠᠭᠰᠠᠨ 103 ᠵᠢᠯ ᠤᠨ ᠣᠢ ᠶᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ           ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢ ᠪᠠᠶᠠᠷᠯᠠᠨ ᠪᠡᠯᠭᠡᠯᠡᠵᠦ᠂ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠡᠷᠭᠢᠴᠡᠭᠦᠯᠵᠦ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠡᠷᠠᠯ ᠤᠨ ᠬᠦᠴᠦᠨ᠂ ᠳᠠᠶᠢᠴᠢᠨ ᠬᠦᠴᠦᠨ᠂ ᠪᠦᠲᠦᠭᠡᠯᠴᠢ ᠬᠦᠴᠦᠨ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 7.1 ᠤ ᠨᠠᠮ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠶᠡᠭᠡ  ᠬᠠᠷ᠎ᠠ ᠭᠤᠣᠯ ᠰᠢᠶᠠᠩ ᠤᠨ ᠳᠥᠴᠢᠨ ᠴᠢᠩ ᠳ᠋ᠢ ᠲᠣᠰᠬᠤᠨ ᠤ ᠨᠠᠮ ᠤᠨ ᠡᠭᠦᠷ 《 ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠤᠷᠤᠯᠴᠠᠵᠤ᠂ ᠤᠷᠤᠭᠰᠢᠯᠠᠨ ᠲᠠᠪᠰᠢᠬᠤ ᠬᠦᠴᠦᠨ ᠢ  ᠨᠢᠭᠲᠠᠷᠠᠭᠤᠯᠬᠤ 》 ᠨᠠᠮ ᠤᠨ ᠪᠠᠶᠢᠭᠤᠯᠤᠭᠳᠠᠭᠰᠠᠨ 103 ᠵᠢᠯ ᠤᠨ ᠣᠢ ᠶᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ᠃       ᠨᠢᠭᠡ᠂ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠡᠷᠭᠢᠴᠡᠭᠦᠯᠬᠦ       ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ 《 ᠳᠠᠯᠠᠨ ᠬᠠᠷ᠎ᠠ ᠠᠭᠤᠯᠠ ᠭᠠᠵᠠᠷ ᠣᠷᠣᠨ ᠤ ᠬᠤᠪᠢᠰᠬᠠᠯ ᠤᠨ ᠲᠡᠦᠬᠡ ᠶᠢᠨ ᠦᠵᠡᠰᠬᠦᠯᠡᠩ ᠤᠨ ᠲᠢᠩᠬᠢᠮ 》 ᠳᠤ᠂ ᠲᠠᠩᠭᠠᠷᠢᠭᠯᠠᠬᠤ ᠬᠥᠮᠦᠰ ᠤᠨ ᠳᠠᠭᠠᠭᠤᠯᠤᠭ᠎ᠠ ᠳᠣᠣᠷ᠎ᠠ᠂ ᠪᠦᠬᠦ ᠨᠠᠮ ᠤᠨ ᠭᠡᠰᠢᠭᠦᠳ ᠬᠤᠪᠢᠰᠬᠠᠯ ᠤᠨ ᠲᠤᠭ ᠢ ᠲᠥᠪ ᠴᠢᠩᠭ᠎ᠠ ᠪᠠᠷᠢᠵᠤ᠂ ᠪᠠᠷᠠᠭᠤᠨ ᠭᠠᠷ ᠢᠶᠠᠨ ᠡᠷᠭᠦᠵᠦ᠂ ᠲᠥᠪ ᠴᠢᠩᠭ᠎ᠠ ᠲᠠᠩᠭᠠᠷᠢᠭᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡ᠂ ᠨᠠᠮ ᠳᠤ ᠣᠷᠣᠬᠤ ᠦᠶ᠎ᠡ ᠶᠢᠨ ᠤᠭ ᠰᠠᠨᠠᠭ᠎ᠠ ᠶᠢ ᠳᠠᠬᠢᠨ ᠳᠠᠪᠲᠠᠨ ᠳᠤᠷᠠᠰᠤᠨ᠂ ᠪᠠᠰᠠ ᠨᠢᠭᠡ ᠤᠳᠠᠭ᠎ᠠ ᠨᠠᠮᠴᠢ ᠴᠢᠨᠠᠷ ᠤᠨ ᠠᠷᠢᠭᠤᠨ ᠴᠡᠪᠡᠷ ᠢ ᠬᠦᠯᠢᠶᠡᠵᠦ᠂ ᠴᠢᠩᠭ᠎ᠠ ᠬᠦᠴᠦᠲᠡᠢ ᠳᠠᠭᠤᠨ ᠨᠢ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠣᠮᠤᠭ ᠪᠠᠭ᠋ᠠᠳᠤᠯᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠳᠠᠮᠵᠢᠭᠤᠯᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠨᠠᠮ ᠪᠠ ᠠᠷᠠᠳ ᠲᠦᠮᠡᠨ ᠤ ᠦᠢᠯᠡᠰ ᠤᠨ ᠲᠥᠯᠥᠭᠡ ᠨᠠᠰᠤᠨ ᠲᠤᠷᠰᠢᠲᠠ ᠲᠡᠮᠡᠴᠡᠬᠦ ᠬᠦᠰᠡᠯᠡᠩ ᠪᠠ ᠬᠥᠭᠡᠭᠡᠴᠡᠯᠳᠦᠯ ᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠤ ᠬᠠᠷᠢᠭᠤᠴᠠᠯᠭ᠎ᠠ ᠪᠠ ᠬᠠᠷᠢᠭᠤᠴᠠᠯᠭ᠎ᠠ ᠪᠠ ᠡᠭᠦᠷᠭᠡᠯᠡᠯ ᠢ ᠨᠡᠩ ᠭᠦᠨᠵᠡᠭᠡᠢ ᠰᠡᠷᠡᠵᠦ ᠮᠡᠳᠡᠭᠰᠡᠨ ᠪᠠᠶᠢᠨ᠎ᠠ᠃        ᠬᠤᠶᠠᠷ᠂ ᠨᠠᠮ ᠤᠨ ᠡᠭᠦᠷ ᠤᠨ ᠱᠦᠵᠢ ᠲᠤᠰᠬᠠᠢ ᠰᠡᠳᠦᠪᠲᠦ ᠰᠠᠬᠢᠯᠭ᠎ᠠ ᠪᠠᠲᠤ ᠨᠠᠮ ᠤᠨ ᠬᠢᠴᠢᠶᠡᠯ ᠣᠷᠣᠭᠰᠠᠨ ᠨᠢ         6 ᠰᠠᠷ᠎ᠠ ᠶᠢᠨ 30 ᠤ ᠡᠳᠦᠷ᠂ ᠳᠥᠴᠢᠨ ᠴᠢᠩ ᠳ᠋ᠢ ᠲᠣᠰᠬᠤᠨ ᠤ ᠨᠠᠮ ᠤᠨ ᠡᠭᠦᠷ ᠤᠨ ᠱᠦᠵᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠣᠯᠠᠨ ᠳᠤ ᠲᠤᠰᠬᠠᠢ ᠰᠡᠳᠦᠪᠲᠦ ᠰᠠᠬᠢᠯᠭ᠎ᠠ ᠪᠠᠲᠤ ᠨᠠᠮ ᠤᠨ ᠬᠢᠴᠢᠶᠡᠯ ᠵᠢᠭᠠᠵᠤ ᠥᠭᠴᠡᠢ᠃ ᠲᠡᠷᠡ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠥᠳᠡᠭᠡ ᠲᠣᠰᠬᠤᠨ ᠤ ᠨᠠᠮ ᠤᠨ ᠭᠡᠰᠢᠭᠦᠨ ᠺᠠᠳ᠋ᠷᠴᠤᠳ ᠡᠯ᠎ᠡ ᠵᠦᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠲᠠᠯ᠎ᠠ ᠪᠠᠷ᠂ ᠪᠦᠬᠦ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠴᠠᠭ ᠢᠮᠠᠭᠲᠠ ᠲᠤᠰ ᠪᠡᠶ᠎ᠡ ᠪᠠᠨ ᠡᠷᠭᠢᠴᠡᠭᠦᠯᠦᠨ ᠪᠣᠳᠣᠯᠬᠢᠯᠠᠵᠤ᠂ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠨ᠂ ᠠᠵᠢᠯ ᠤᠨ ᠳᠤᠮᠳᠠ ᠡᠷᠬᠢᠮ ᠳᠡᠭᠡᠳᠦ᠂ ᠠᠵᠢᠯ ᠤᠨ ᠳᠤᠮᠳᠠ ᠪᠠᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠵᠤ᠂ ᠤᠯᠤᠰ ᠲᠥᠷᠥ ᠶᠢ ᠡᠷᠬᠢᠮᠯᠡᠬᠦ ᠰᠡᠬᠡᠭᠡᠷᠡᠭᠰᠡᠨ ᠬᠥᠮᠦᠨ ᠪᠣᠯᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠷᠢᠨ ᠨᠢᠮᠪᠠᠢ ᠪᠠᠶᠢᠬᠤ ᠣᠪᠣᠷ ᠢᠶᠠᠷ ᠠᠵᠢᠯ ᠨᠢᠭᠡᠪᠦᠷᠢ ᠠᠴᠠ ᠬᠠᠨᠳᠤᠵᠤ᠂ ᠬᠠᠷᠢᠭᠤᠴᠠᠯᠭ᠎ᠠ ᠪᠠᠨ ᠡᠭᠦᠷᠭᠡᠯᠡᠨ᠂ ᠠᠵᠢᠯᠯᠠᠭᠠᠨ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠵᠠᠢ᠃        ᠭᠤᠷᠪᠠ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠤᠷᠤᠯᠴᠠᠵᠤ᠂ ᠤᠷᠤᠭᠰᠢᠯᠠᠨ ᠲᠠᠪᠰᠢᠬᠤ ᠬᠦᠴᠦᠨ ᠢ ᠨᠢᠭᠲᠠᠷᠠᠭᠤᠯᠬᠤ 》 ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠦᠨ᠎ᠡ        7 ᠰᠠᠷ᠎ᠠ ᠶᠢᠨ 1 ᠤ ᠡᠳᠦᠷ᠂ ᠪᠦᠬᠦ ᠲᠣᠰᠬᠤᠨ ᠤ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ ᠣᠴᠢᠭᠤᠯᠵᠤ᠂ 《 ᠳᠠᠯᠠᠨ ᠬᠠᠷ᠎ᠠ ᠠᠭᠤᠯᠠ ᠶᠢᠨ ᠭᠠᠵᠠᠷ ᠣᠷᠣᠨ ᠤ ᠬᠤᠪᠢᠰᠬᠠᠯ ᠤᠨ ᠪᠠᠭᠠᠲᠤᠷᠴᠤᠳ ᠤᠨ ᠦᠵᠡᠭᠦᠯᠦᠯᠭᠡ ᠶᠢᠨ ᠲᠢᠩᠬᠢᠮ 》 ᠪᠣᠯᠤᠨ 《 ᠳᠠᠯᠠᠨ ᠬᠠᠷ᠎ᠠ ᠠᠭᠤᠯᠠ ᠶᠢᠨ ᠭᠠᠵᠠᠷ ᠣᠷᠣᠨ ᠤ ᠬᠤᠪᠢᠰᠬᠠᠯ ᠤᠨ ᠲᠡᠦᠬᠡ ᠶᠢᠨ ᠦᠵᠡᠭᠦᠯᠦᠯᠭᠡ ᠶᠢᠨ ᠲᠢᠩᠬᠢᠮ 》 ᠢ ᠬᠠᠮᠲᠤ ᠪᠠᠷ ᠲᠣᠭᠤᠷᠢᠨ ᠦᠵᠡᠪᠡ᠃ ᠦᠵᠡᠭᠦᠯᠦᠯᠭᠡ ᠶᠢᠨ ᠲᠢᠩᠬᠢᠮ ᠳᠣᠲᠣᠷᠠᠬᠢ ᠦᠷᠡᠭᠳᠡᠭᠰᠡᠨ ᠪᠠᠭᠠᠲᠤᠷᠴᠤᠳ ᠤᠨ ᠭᠡᠷᠡᠯ ᠵᠢᠷᠤᠭ᠂ ᠨᠢᠭᠡᠨ ᠬᠤᠪᠣᠷ ᠨᠠᠨᠳᠢᠨ ᠦᠯᠡᠳᠡᠭᠳᠡᠯ᠂ ᠨᠢᠭᠡ ᠬᠤᠪᠢ ᠨᠠᠷᠢᠨ ᠲᠣᠳᠣᠷᠬᠠᠢ ᠲᠠᠨᠢᠯᠴᠠᠭᠤᠯᠭ᠎ᠠ ᠪᠣᠯᠤᠨ ᠠᠬᠠᠮᠠᠳ ᠨᠢᠭᠡ ᠪᠠᠭᠠᠲᠤᠷ ᠤᠨ ᠦᠢᠯᠡ ᠠᠵᠢᠯᠯᠠᠭ᠎ᠠ ᠨᠢ ᠣᠯᠠᠨ ᠳᠤ ᠳᠠᠯᠠᠨ ᠬᠠᠷ᠎ᠠ ᠠᠭᠤᠯᠠ ᠶᠢᠨ ᠭᠠᠵᠠᠷ ᠣᠷᠣᠨ ᠤ ᠬᠤᠪᠢᠰᠬᠠᠯ ᠤᠨ ᠲᠡᠦᠬᠡ ᠶᠢ ᠣᠶᠢᠯᠠᠭᠠᠭᠤᠯᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠦᠬᠦᠵᠦ ᠰᠡᠬᠡᠬᠦ ᠪᠠᠨ ᠤᠮᠠᠷᠲᠠᠨ᠂ ᠤᠯᠤᠰ ᠤᠨ ᠪᠡᠷᠬᠡ ᠬᠠᠲᠠᠭᠤᠵᠢᠯᠲᠠᠢ ᠲᠡᠮᠡᠴᠡᠭᠰᠡᠨ ᠲᠡᠦᠬᠡᠨ ᠶᠠᠪᠤᠴᠠ ᠶᠢ ᠡᠷᠭᠢᠴᠡᠭᠦᠯᠵᠦ᠂ ᠬᠤᠪᠢᠰᠬᠠᠯ ᠤᠨ ᠠᠬᠠᠮᠠᠳ ᠦᠶ᠎ᠡ ᠶᠢᠨ ᠢᠮᠠᠭᠲᠠ ᠬᠤᠪᠢᠷᠠᠰᠢ ᠦᠭᠡᠢ ᠬᠦᠰᠡᠯᠡᠩ ᠢᠲᠡᠭᠡᠯ ᠵᠣᠷᠢᠭ ᠪᠣᠯᠤᠨ ᠳᠤᠮᠳᠠᠳᠤ ᠶᠢᠨ ᠦᠨᠳᠦᠰᠦᠲᠡᠨ ᠤ ᠴᠢᠯᠥᠭᠡᠯᠡᠯᠲᠡ ᠶᠢᠨ ᠲᠥᠯᠥᠭᠡ ᠨᠢᠭᠡ ᠨᠠᠰᠤ ᠪᠠᠨ ᠲᠡᠮᠡᠴᠡᠭᠰᠡᠨ ᠬᠤᠪᠢᠰᠬᠠᠯᠲᠤ ᠵᠣᠷᠢᠭ ᠰᠠᠨᠠᠭ᠎ᠠ ᠶᠢ ᠪᠡᠶᠡᠴᠢᠯᠡᠨ ᠮᠡᠳᠡᠷᠡᠭᠦᠯᠪᠡ᠃ᠲᠤᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠨᠢ ᠨᠠᠮ ᠤᠨ ᠭᠡᠰᠢᠭᠦᠳ ᠤᠨ ᠬᠦᠴᠢᠷ ᠢ ᠰᠥᠷᠦᠨ ᠤᠷᠤᠭᠰᠢᠯᠠᠬᠤ᠂ ᠵᠠᠮ ᠨᠡᠭᠡᠭᠡᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠬᠥᠭᠵᠢᠭᠡᠨ ᠪᠠᠳᠠᠷᠠᠭᠤᠯᠵᠤ᠂ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠴᠠᠭ ᠢᠮᠠᠭᠲᠠ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠲᠡᠮᠡᠴᠡᠯ ᠤᠨ ᠥᠩᠭᠡᠷᠡᠯᠲᠡ ᠶᠢ ᠪᠠᠲᠤ ᠴᠡᠭᠡᠵᠢᠯᠡᠵᠦ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠪᠣᠯᠬᠤ ᠪᠠᠷ ᠴᠢᠷᠮᠠᠶᠢᠬᠤ ᠬᠡᠷᠡᠭᠲᠡᠢ᠃ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠤᠷᠰᠢᠬᠢ ᠭᠠᠷᠭᠠᠭᠰᠠᠨ ᠠᠯᠢᠪᠠ ᠴᠢᠷᠮᠠᠶᠢᠯᠭ᠎ᠠ᠂ ᠬᠢᠭᠰᠡᠨ ᠠᠯᠢᠪᠠ ᠲᠡᠮᠡᠴᠡᠯ᠂ ᠭᠠᠷᠭᠠᠭᠰᠠᠨ ᠠᠯᠢᠪᠠ ᠦᠷᠡᠭᠳᠡᠯ ᠪᠣᠯ ᠴᠥᠮ ᠠᠷᠠᠳ ᠲᠦᠮᠡᠨ ᠤ ᠵᠣᠯ ᠵᠢᠷᠭᠠᠯ ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠶᠦ᠋ᠮ ᠭᠡᠵᠦ ᠪᠦᠬᠦ ᠨᠠᠮ ᠤᠨ ᠭᠡᠰᠢᠭᠦᠳ ᠰᠠᠨᠠᠯ ᠨᠢᠭᠡᠲᠡᠢ ᠦᠵᠡᠪᠡ᠃ ᠣᠳᠣ ᠶᠢᠨ ᠬᠢᠯᠪᠠᠷ ᠪᠤᠰᠤ ᠪᠠᠷ ᠢᠷᠡᠭᠰᠡᠨ ᠵᠣᠯ ᠵᠢᠷᠭᠠᠯᠲᠤ ᠠᠮᠢᠳᠤᠷᠠᠯ ᠢᠶᠠᠨ ᠨᠠᠨᠳᠢᠩᠨᠠᠵᠤ᠂ ᠬᠤᠶᠢᠰᠢᠳᠠ ᠶᠢᠨ ᠠᠮᠢᠳᠤᠷᠠᠯ ᠪᠠ ᠠᠵᠢᠯ ᠤᠨ ᠳᠤᠮᠳᠠ ᠪᠠᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠭᠡᠷᠢᠶᠡᠰ ᠵᠣᠷᠢᠭ ᠢ ᠵᠠᠯᠭᠠᠮᠵᠢᠯᠠᠨ᠂ ᠴᠤᠭ ᠪᠠᠳᠠᠷᠠᠩᠭᠤᠢ ᠬᠤᠪᠢᠰᠬᠠᠯᠲᠤ ᠲᠡᠮᠡᠴᠡᠯ ᠤᠨ ᠵᠣᠷᠢᠭ ᠪᠠ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠪᠠᠨ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠬᠤᠪᠢᠰᠬᠠᠯ ᠤᠨ ᠭᠧᠨ ᠢ ᠡᠷᠡᠰ ᠭᠤᠶᠢᠪᠢᠰᠢ ᠦᠭᠡᠢ ᠪᠠᠷ ᠵᠠᠯᠭᠠᠮᠵᠢᠯᠠᠵᠤ᠂ 《 ᠳᠥᠷᠪᠡᠨ ᠤᠬᠠᠮᠰᠠᠷ 》 ᠢᠶᠠᠨ ᠴᠢᠩᠭᠠᠳᠬᠠᠨ᠂ 《 ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠨ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠡᠷᠬᠢᠮ ᠳᠡᠭᠡᠳᠦ ᠵᠣᠷᠢᠭ ᠰᠠᠨᠠᠭ᠎ᠠ ᠶᠢ ᠰᠤᠷᠤᠯᠴᠠᠵᠤ᠂ ᠡᠭᠦᠷᠭᠡᠯᠡᠵᠦ ᠪᠠᠶᠢᠭ᠎ᠠ ᠴᠢᠬᠤᠯᠠ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠯᠡᠨ ᠭᠦᠢᠴᠡᠳᠬᠡᠵᠦ᠂ ᠯᠠᠪᠳᠠᠭᠤᠨ ᠪᠠᠲᠤᠲᠠᠢ ᠪᠠᠷ ᠠᠵᠢᠯ ᠢᠶᠠᠨ ᠰᠠᠶᠢᠲᠤᠷ ᠬᠢᠬᠦ ᠬᠡᠷᠡᠭᠲᠡᠢ᠃       ᠳᠥᠷᠪᠡ᠂ 《 ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠣᠴᠢᠵᠤ ᠬᠥᠳᠡᠭᠡ ᠲᠣᠰᠬᠤᠨ ᠤ ᠠᠵᠤ ᠠᠬᠤᠢ ᠶᠢ ᠪᠠᠶᠢᠴᠠᠭᠠᠬᠤ 》 ᠠᠵᠢᠯᠯᠠᠭ᠎ᠠ ᠶᠢ ᠥᠷᠨᠢᠭᠦᠯᠬᠦ ᠬᠡᠷᠡᠭᠲᠡᠢ       7 ᠰᠠᠷ᠎ᠠ ᠶᠢᠨ 1 ᠤ ᠡᠳᠦᠷ᠂ ᠲᠣᠰᠬᠤᠨ ᠤ 《 ᠬᠤᠶᠠᠷ ᠵᠥᠪᠯᠡᠯ 》 ᠤᠨ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠨᠠᠮ ᠤᠨ ᠭᠡᠰᠢᠭᠦᠨ᠂ ᠡᠯ᠎ᠡ ᠠᠶᠢᠯ ᠲᠣᠰᠬᠤᠨ ᠤ ᠳᠠᠷᠤᠭ᠎ᠠ ᠪᠠ ᠲᠣᠰᠬᠤᠨ ᠤ ᠠᠷᠠᠳ ᠤᠨ ᠲᠥᠯᠥᠭᠡᠯᠡᠭᠴᠢ ᠶᠢ 35 ᠬᠥᠮᠦᠨ ᠵᠣᠬᠢᠶᠠᠨ ᠪᠠᠶᠢᠭᠤᠯᠤᠨ᠂ ᠬᠥᠬᠡᠬᠤᠲᠠ ᠶᠢᠨ ᠦᠴᠤᠧᠠᠨ ᠰᠢᠶᠠᠨ ᠤ ᠳᠧ ᠱᠧᠩ ᠵᠢᠩ ᠲᠣᠰᠬᠤᠨ᠂ ᠰᠢᠨ᠎ᠡ ᠬᠤᠲᠠ ᠲᠣᠭᠤᠷᠢᠭ ᠤᠨ ᠱᠦᠢ ᠮᠦᠸᠧ ᠲᠣᠰᠬᠤᠨ᠂ ᠲᠣᠭᠲᠠᠬᠤ ᠲᠣᠰᠬᠤᠨ᠂ ᠤᠯᠠᠭᠠᠨᠪᠣᠯᠠᠭ ᠲᠣᠰᠬᠤᠨ᠂ ᠬᠠᠷᠠᠴᠢᠨ ᠲᠣᠰᠬᠤᠨ᠂ ᠬᠠᠯᠠᠭᠠᠢ ᠲᠣᠰᠬᠤᠨ ᠵᠡᠷᠭᠡ 6 ᠵᠠᠰᠠᠭ ᠵᠠᠬᠢᠷᠭᠠᠨ ᠤ ᠲᠣᠰᠬᠤᠨ ᠳᠤ ᠬᠦᠷᠴᠦ᠂ ᠰᠤᠷᠭᠠᠭᠤᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠣᠭᠤᠷᠢᠨ ᠦᠵᠡᠪᠡ᠃ ᠱᠦᠢ ᠮᠦᠸᠧ ᠲᠣᠰᠬᠤᠨ ᠳᠤ᠂ ᠱᠦᠢ ᠮᠦᠸᠧ ᠲᠣᠰᠬᠤᠨ ᠤ ᠬᠥᠮᠦᠨ ᠠᠮᠠ᠂ ᠬᠠᠮᠢᠶᠠᠷᠤᠯᠲᠠ ᠶᠢᠨ ᠲᠠᠯᠠᠪᠠᠢ᠂ ᠣᠶᠢᠷ᠎ᠠ ᠶᠢᠨ ᠬᠡᠳᠦᠨ ᠵᠢᠯ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠢᠴᠢ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠮᠢᠨ ᠵᠣ᠋᠂ ᠴᠠᠢ ᠶᠢᠨ ᠭᠠᠵᠠᠷ᠂ ᠲᠠᠷᠢᠶᠠᠴᠢᠨ ᠠᠶᠢᠯ ᠤᠨ ᠵᠤᠭᠠᠴᠠᠯ ᠵᠡᠷᠭᠡ ᠠᠵᠤ ᠦᠢᠯᠡᠰ ᠢ ᠲᠣᠭᠤᠷᠢᠨ ᠦᠵᠡᠵᠦ᠂ ᠱᠦᠢ ᠮᠦᠸᠧ ᠲᠣᠰᠬᠤᠨ ᠤ ᠠᠵᠤ ᠠᠬᠤᠢ ᠶᠢᠨ ᠣᠢ᠂ ᠳᠠᠯᠠᠨ ᠬᠠᠷ᠎ᠠ ᠠᠭᠤᠯᠠᠨ ᠤ ᠤᠯᠤᠰ ᠤᠨ ᠠᠭᠤᠯᠠ ᠠᠪᠠᠷᠢᠵᠤ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠵᠡᠷᠭᠡ ᠵᠢᠭᠤᠯᠴᠢᠯᠠᠯ ᠤᠨ ᠦᠵᠡᠮᠵᠢ ᠶᠢᠨ ᠴᠢᠭ ᠢ ᠬᠢᠨᠠᠮᠠᠭᠠᠢ ᠰᠤᠷᠤᠯᠴᠠᠵᠤ᠂ ᠲᠡᠭᠦᠵᠦ ᠴᠤᠭᠯᠠᠭᠤᠯᠬᠤ᠂ ᠲᠣᠭᠤᠷᠢᠨ ᠦᠵᠡᠵᠦ ᠵᠤᠭᠠᠴᠠᠬᠤ ᠶᠢ ᠬᠥᠭᠵᠢᠭᠦᠯᠵᠦ᠂ ᠠᠷᠠᠳ ᠤᠨ ᠪᠠᠭᠤᠳᠠᠯ᠂ ᠲᠠᠷᠢᠶᠠᠴᠢᠨ ᠠᠶᠢᠯ ᠤᠨ ᠴᠡᠩᠭᠡᠯ ᠤᠨ ᠬᠥᠭᠵᠢᠯᠲᠡ ᠶᠢ ᠳᠠᠶᠢᠴᠢᠯᠠᠵᠤ᠂ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠯ ᠤᠨ ᠵᠠᠮ ᠢ ᠪᠠᠶᠠᠯᠢᠭᠵᠢᠭᠤᠯᠪᠠ᠃ ᠤᠯᠠᠭᠠᠨᠪᠤᠯᠠᠭ ᠲᠣᠰᠬᠤᠨ ᠤ ᠪᠤᠭᠤ ᠲᠡᠵᠢᠭᠡᠬᠦ ᠰᠠᠭᠤᠷᠢᠨ ᠭᠠᠵᠠᠷ ᠲᠤ᠂ ᠲᠣᠰᠬᠤᠨ ᠤ ᠠᠷᠠᠳ ᠤᠨ ᠡᠵᠡᠩᠨᠡᠵᠦ ᠪᠠᠶᠢᠭ᠎ᠠ ᠪᠤᠭᠤ ᠶᠢᠨ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠪᠠ ᠲᠡᠷᠢᠭᠦᠯᠡᠭᠴᠢ ᠴᠡᠴᠡᠭᠲᠦ ᠪᠤᠭᠤ ᠲᠡᠵᠢᠭᠡᠨ ᠦᠷᠡᠵᠢᠭᠦᠯᠬᠦ᠂ ᠦᠷ᠎ᠡ ᠶᠢᠨ ᠡᠬᠢ ᠰᠤᠷᠪᠤᠯᠵᠢ ᠶᠢᠨ ᠬᠠᠮᠠᠭᠠᠯᠠᠯᠲᠠ᠂ ᠬᠥᠮᠦᠨ ᠤ ᠬᠦᠴᠦ ᠪᠠᠷ ᠲᠡᠵᠢᠭᠡᠵᠦ ᠠᠷᠠᠴᠢᠯᠠᠬᠤ᠂ ᠰᠣᠶᠣᠯ ᠵᠢᠭᠤᠯᠴᠢᠯᠠᠯ᠂ ᠪᠤᠭᠤ ᠶᠢᠨ ᠴᠢᠰᠤᠨ ᠡᠪᠡᠷ ᠪᠣᠯᠪᠠᠰᠤᠷᠠᠭᠤᠯᠬᠤ ᠤᠷᠠᠯᠢᠭ ᠵᠢᠴᠢ ᠡᠮ ᠡᠮᠨᠡᠯᠭᠡ ᠡᠷᠡᠭᠦᠯᠵᠢᠯ ᠤᠨ ᠪᠦᠲᠦᠭᠡᠭᠳᠡᠬᠦᠨ᠂ ᠪᠤᠭᠤ ᠶᠢᠨ ᠪᠦᠲᠦᠭᠡᠭᠳᠡᠬᠦᠨ ᠵᠡᠷᠭᠡ ᠲᠡᠷᠢᠭᠦᠯᠡᠭᠴᠢ ᠴᠡᠴᠡᠭᠲᠦ ᠪᠤᠭᠤ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠯᠠᠨ ᠢᠶᠠᠷ ᠢᠶᠠᠨ ᠴᠥᠮ ᠬᠠᠷᠢᠭᠤᠴᠠᠯᠭᠠᠲᠠᠨ ᠤ ᠪᠠᠨ ᠪᠤᠭᠤ ᠶᠢᠨ ᠠᠵᠤ ᠦᠢᠯᠡᠰ ᠤᠨ ᠬᠥᠭᠵᠢᠯᠲᠡ ᠶᠢᠨ ᠦᠯᠢᠭᠡᠷ ᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠰᠡᠭᠦᠳᠡᠷ ᠲᠡᠳᠡᠨ ᠰᠡᠭᠦᠳᠡᠷ ᠲᠡᠳᠡᠨ ᠰᠡᠭᠦᠳᠡᠷ ᠲᠡᠳᠡᠨ ᠰᠡᠭᠦᠳᠡᠷ ᠲᠡᠳᠡᠨ ᠰᠡᠭᠦᠳᠡᠷ ᠲᠡᠳᠡᠨ ᠰᠡᠭᠦᠳᠡᠷ ᠲᠡᠳᠡᠨ ᠦᠯᠡᠳᠡᠭᠡᠵᠦ᠂ ᠪᠤᠭᠤ ᠶᠢᠨ ᠠᠵᠤ ᠦᠢᠯᠡᠰ ᠤᠨ ᠭᠦᠨ ᠵᠤᠵᠠᠭᠠᠨ ᠰᠣᠶᠣᠯ ᠤᠨ ᠨᠠᠷᠢᠨ ᠠᠭᠤᠯᠭ᠎ᠠ ᠶᠢ ᠮᠡᠳᠡᠷᠡᠳᠡᠭ᠃ ᠬᠠᠯᠠᠭᠠᠢ ᠲᠣᠰᠬᠤᠨ ᠤ ᠠᠷᠠᠳ ᠤᠨ ᠡᠵᠡᠩᠨᠡᠵᠦ ᠪᠠᠶᠢᠭ᠎ᠠ ᠲᠠᠬᠢᠶ᠎ᠠ ᠲᠡᠵᠢᠭᠡᠬᠦ ᠲᠠᠯᠠᠪᠠᠢ ᠳᠤ᠂ ᠲᠤᠬᠠᠢ ᠶᠢᠨ ᠭᠠᠵᠠᠷ  ᠲᠤᠨᠢ ᠲᠣᠭᠤᠷᠢᠨ ᠦᠵᠡᠬᠦ᠂ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠮᠢ ᠠᠬᠤᠢ ᠶᠢᠨ ᠲᠠᠬᠢᠶ᠎ᠠ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠪᠣᠯᠤᠨ ᠲᠠᠬᠢᠶᠠᠨ ᠥᠨᠳᠡᠭᠡ ᠶᠢᠨ ᠪᠣᠷᠣᠯᠠᠭᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠨ᠎ᠠ᠃       ᠲᠣᠭᠤᠷᠢᠨ ᠦᠵᠡᠵᠦ ᠰᠤᠷᠤᠯᠴᠠᠬᠤ ᠪᠠᠷ ᠳᠠᠮᠵᠢᠨ᠂ ᠨᠠᠮ ᠤᠨ ᠭᠡᠰᠢᠭᠦᠨ᠂ ᠲᠣᠰᠬᠤᠨ ᠤ ᠠᠷᠠᠳ ᠲᠤ ᠣᠶᠢᠷ᠎ᠠ ᠵᠠᠢ ᠠᠴᠠ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠮᠡᠷᠭᠡᠵᠢᠯ ᠢ ᠣᠶᠢᠯᠠᠭᠠᠭᠤᠯᠬᠤ ᠪᠠᠷ ᠳᠠᠮᠵᠢᠨ᠂ ᠪᠢᠳᠡᠨ ᠳᠤ ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠳᠤᠮᠳᠠᠬᠢ ᠰᠢᠯᠢᠳᠡᠭ ᠠᠵᠤ ᠦᠢᠯᠡᠰ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠡᠵᠡᠩᠨᠡᠯᠲᠡ ᠶᠢᠨ ᠲᠥᠯᠥᠪᠵᠢᠭᠦᠯᠭᠡ ᠶᠢ ᠣᠯᠵᠤ᠂ ᠲᠣᠰᠬᠤᠨ ᠤ ᠠᠷᠠᠳ ᠤᠨ ᠮᠡᠳᠡᠯᠭᠡ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂ ᠮᠡᠳᠡᠯᠭᠡ ᠮᠡᠳᠡᠴᠡ ᠶᠢ ᠨᠡᠮᠡᠭᠳᠡᠭᠦᠯᠬᠦ ᠶᠢᠨ ᠬᠠᠮᠲᠤ᠂ ᠣᠯᠠᠨ ᠳᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠭᠦᠨᠵᠡᠭᠡᠢ ᠣᠶᠢᠯᠠᠭᠠᠭᠤᠯᠵᠤ᠂ ᠮᠠᠰᠢ ᠰᠠᠶᠢᠨ ᠲᠥᠷᠥᠭᠳᠡᠯ ᠥᠭᠴᠦ᠂ ᠲᠤᠰ ᠪᠡᠶ᠎ᠡ ᠶᠢᠨ ᠦᠵᠡᠯ ᠰᠠᠨᠠᠭ᠎ᠠ ᠪᠣᠯᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠴᠢᠷᠮᠠᠶᠢᠨ ᠰᠤᠷᠤᠯᠴᠠᠬᠤ ᠢᠲᠡᠭᠡᠯ ᠵᠣᠷᠢᠭ ᠪᠠ ᠬᠠᠳᠠᠨ ᠵᠣᠷᠢᠭ ᠢᠶᠠᠨ ᠨᠡᠮᠡᠭᠳᠡᠭᠦᠯᠵᠦ᠂ ᠬᠤᠶᠢᠰᠢᠳᠠ ᠶᠢᠨ ᠠᠵᠢᠯ ᠪᠠ ᠠᠵᠤ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠪᠡ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2