ᠮᠠᠨ ᠤ ᠬᠤᠰᠢᠭᠤᠨ ᠤ ᠵᠠᠭᠤᠨ ᠲᠦᠮᠡᠨ ᠢᠳᠡᠰᠢᠨ ᠬᠤᠨᠢ ᠬᠤᠶᠠᠷ ᠲᠦᠮᠡᠨ ᠢᠳᠡᠰᠢᠨ ᠦᠬᠡᠷ ᠢ ᠨᠢᠳᠦᠯᠡᠵᠦ ᠪᠣᠯᠪᠠᠰᠤᠷᠠᠭᠤᠯᠬᠤ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠭᠰᠡᠨ
ᠨᠡᠶᠢᠲᠡᠯᠡᠭᠰᠡᠨ ᠴᠠᠭ᠄
2024/8/1
      ᠮᠠᠨ ᠤ ᠬᠤᠰᠢᠭᠤᠨ ᠤ ᠵᠠᠭᠤᠨ ᠲᠦᠮᠡᠨ ᠢᠳᠡᠰᠢᠨ ᠬᠤᠨᠢ ᠬᠤᠶᠠᠷ ᠲᠦᠮᠡᠨ ᠢᠳᠡᠰᠢᠨ ᠦᠬᠡᠷ ᠢ ᠨᠢᠳᠦᠯᠡᠵᠦ ᠪᠣᠯᠪᠠᠰᠤᠷᠠᠭᠤᠯᠬᠤ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠭᠰᠡᠨ            7 ᠰᠠᠷ᠎ᠠ ᠶᠢᠨ 30 ᠤ ᠡᠳᠦᠷ᠂ ᠮᠠᠨ ᠤ ᠬᠤᠰᠢᠭᠤᠨ ᠤ 100 ᠲᠦᠮᠡᠨ ᠢᠳᠡᠰᠢᠨ ᠬᠤᠨᠢ 2 ᠲᠦᠮᠡᠨ ᠢᠳᠡᠰᠢᠨ ᠦᠬᠡᠷ ᠢ ᠨᠢᠲᠤᠯᠵᠤ ᠪᠣᠯᠪᠠᠰᠤᠷᠠᠭᠤᠯᠬᠤ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠭᠰᠡᠨ᠂ ᠥᠪᠥᠷ ᠮᠣᠩᠭᠤᠯ ᠤᠨ ᠢᠳᠡᠭᠡᠨ ᠤᠮᠳᠠᠭᠠᠨ ᠪᠣᠯᠤᠨ ᠬᠤᠭᠤᠯᠠᠨ ᠭᠡᠷ ᠤᠨ ᠠᠵᠢᠯ ᠲᠦᠷᠦᠯ ᠤᠨ ᠨᠡᠶᠢᠭᠡᠮᠯᠢᠭ ᠤᠨ ᠳᠠᠷᠤᠭ᠎ᠠ ᠯᠠᠩ ᠯᠢ ᠰᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠬᠤᠰᠢᠭᠤᠨ ᠤ ᠤᠯᠤᠰ ᠲᠥᠷᠥ ᠶᠢᠨ ᠵᠥᠪᠯᠡᠯ ᠤᠨ ᠲᠡᠷᠢᠭᠦᠯᠡᠭᠴᠢ ᠠᠯᠲᠠ ᠨᠡᠭᠡᠭᠡᠯᠲᠡ ᠶᠢᠨ ᠶᠣᠰᠣᠯᠠᠯ ᠳᠤ ᠣᠷᠣᠯᠴᠠᠵᠤ᠂ ᠬᠤᠰᠢᠭᠤ ᠳᠡᠳ᠋ ᠳᠠᠷᠤᠭ᠎ᠠ ᠲᠦᠩ ᠰᠢ ᠪᠠᠶᠠᠷ ᠤᠨ ᠢᠯᠡᠳᠬᠡᠯ ᠬᠢᠭᠰᠡᠨ ᠪᠠᠶᠢᠨ᠎ᠠ᠃        ᠣᠶᠢᠯᠠᠭᠠᠭᠰᠠᠨ ᠢᠶᠠᠷ᠂ ᠳᠥᠷᠪᠡᠳ ᠬᠤᠰᠢᠭᠤᠨ ᠤ ᠦᠨᠳᠦᠰᠦᠲᠡᠨ ᠤ ᠠᠷᠠᠯᠵᠢᠶ᠎ᠠ ᠬᠤᠳᠠᠯᠳᠤᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 100 ᠲᠦᠮᠡᠨ ᠲᠣᠯᠣᠭᠠᠢ ᠢᠳᠡᠰᠢᠨ ᠬᠤᠨᠢ 2 ᠲᠦᠮᠡᠨ ᠲᠣᠯᠣᠭᠠᠢ ᠢᠳᠡᠰᠢᠨ ᠦᠬᠡᠷ ᠤᠨ ᠲᠥᠷᠥᠯ ᠵᠦᠢᠯ᠂ ᠵᠢᠯ ᠳᠤ 3 ᠲᠦᠮᠡᠨ ᠲᠤᠨ ᠮᠢᠬᠠᠨ ᠤ ᠪᠦᠲᠦᠭᠡᠭᠳᠡᠬᠦᠨ᠂ 300 ᠭᠠᠷᠤᠢ ᠲᠥᠷᠥᠯ ᠵᠦᠢᠯ ᠤᠨ ᠪᠦᠲᠦᠭᠡᠭᠳᠡᠬᠦᠨ ᠢ ᠦᠢᠯᠡᠳᠪᠦᠷᠢᠯᠡᠬᠦ ᠴᠢᠳᠠᠮᠵᠢ ᠲᠠᠢ᠂ ᠨᠢᠭᠡ ᠢᠵᠢ ᠪᠦᠬᠦ ᠤᠯᠤᠰ ᠤᠨ ᠠᠩᠬᠠᠳᠠᠭᠴᠢ ᠣᠶᠤᠨᠵᠢᠭᠰᠠᠨ ᠬᠤᠨᠢᠨ ᠭᠡᠳᠡᠰᠦ ᠳᠣᠲᠣᠷ ᠦᠢᠯᠡᠳᠪᠦᠷᠢᠯᠡᠬᠦ  ᠦᠢᠯᠡᠳᠪᠦᠷᠢᠯᠡᠯ ᠤᠨ ᠱᠤᠭᠤᠮ ᠲᠠᠢ᠂ ᠭᠤᠣᠯᠳᠠᠭᠤ ᠬᠤᠨᠢ ᠦᠬᠡᠷ ᠤᠨ ᠭᠡᠳᠡᠰᠦ ᠳᠣᠲᠣᠷ ᠵᠡᠷᠭᠡ ᠦᠬᠡᠷ ᠬᠤᠨᠢᠨ ᠮᠢᠬ᠎ᠠ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ ᠪᠠᠷ ᠲᠥᠯᠥᠪᠯᠡᠵᠦ ᠪᠠᠶᠢᠭ᠎ᠠ᠂ ᠡᠳᠦᠷ ᠲᠤ 12 ᠲᠤᠨ ᠦᠢᠯᠡᠳᠪᠦᠷᠢᠯᠡᠬᠦ ᠪᠣᠯᠪᠠᠰᠤᠷᠠᠭᠤᠯᠬᠤ ᠪᠥᠭᠡᠳ ᠵᠢᠯ ᠤᠨ ᠪᠦᠲᠦᠭᠡᠭᠳᠡᠬᠦᠨ ᠤ ᠠᠰᠢᠭ 1.5 ᠳ᠋ᠦᠩᠰᠢᠭᠤᠷ ᠲᠦᠭᠦᠷᠢᠭ ᠬᠦᠷᠬᠦ ᠪᠣᠯᠤᠨ᠎ᠠ᠃ ᠡᠨᠡᠬᠦ ᠲᠥᠷᠥᠯ ᠵᠦᠢᠯ ᠤᠨ ᠵᠢᠩᠬᠢᠨᠢ ᠠᠵᠢᠯ ᠡᠬᠢᠯᠡᠭᠰᠡᠨ ᠶᠠᠪᠤᠳᠠᠯ ᠨᠢ ᠮᠠᠨ ᠤ ᠬᠤᠰᠢᠭᠤᠨ ᠤ ᠢᠳᠡᠰᠢᠨ ᠦᠬᠡᠷ ᠬᠤᠨᠢᠨ ᠤ ᠠᠵᠤ ᠦᠢᠯᠡᠰ ᠤᠨ ᠬᠡᠯᠬᠢᠶᠡᠵᠢᠯ ᠢ ᠨᠠᠷᠢᠯᠢᠭᠵᠢᠭᠤᠯᠵᠤ᠂ ᠳᠥᠷᠪᠡᠳ ᠬᠤᠰᠢᠭᠤᠨ ᠤ ᠨᠡᠷᠡᠲᠦ ᠲᠡᠮᠳᠡᠭ ᠢ ᠠᠯᠳᠠᠷᠰᠢᠭᠤᠯᠤᠨ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠠᠵᠤ ᠦᠢᠯᠡᠰ ᠤᠨ ᠦᠳᠲᠡᠷ ᠲᠦᠷᠭᠡᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠪᠠᠲᠤᠯᠠᠭᠰᠠᠨ ᠪᠠᠶᠢᠨ᠎ᠠ᠃          ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠵᠢᠴᠢ ᠪᠦᠬᠦ ᠤᠯᠤᠰ ᠤᠨ ᠡᠯ᠎ᠡ ᠭᠠᠵᠠᠷ ᠤᠨ ᠬᠡᠷᠡᠭᠯᠡᠭᠴᠢᠳ ᠤᠨ ᠲᠥᠯᠥᠭᠡᠯᠡᠭᠴᠢ ᠡᠬᠢᠯᠡᠬᠦ ᠶᠣᠰᠣᠯᠠᠯ ᠳᠤ ᠣᠷᠣᠯᠴᠠᠵᠠᠢ᠃  ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄ ᠯᠢ ᠨᠢᠩ   ᠷᠧᠨ ᠫᠧᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2